ᠡᠯᠡᠰᠦ ᠶ᠋ᠢ ᠳᠤᠭᠤᠯᠤᠭᠰᠠᠨ ᠵᠠᠰᠠᠮᠠᠯ ᠵᠠᠮ ᠤ᠋ᠨ ᠲᠥᠷᠥᠯ ᠵᠦᠢᠯ
2026-08-17 10:53:52
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠰᠢᠯᠢ ᠵᠢᠨ ᠭᠤᠤᠯ ᠠᠢᠮᠠᠭ ᠤ᠋ᠨ ᠰᠥᠨᠢᠳ ᠵᠡᠭᠦᠨ ᠬᠣᠰᠢᠭᠤᠨ ᠤ᠋ 2026 ᠣᠨ ᠤ᠋ ᠡᠯᠡᠰᠦ ᠶ᠋ᠢ ᠳᠤᠭᠤᠯᠤᠭᠰᠠᠨ ᠵᠠᠰᠠᠮᠠᠯ ᠵᠠᠮ ᠤ᠋ᠨ ᠲᠥᠷᠥᠯ ᠵᠦᠢᠯ ᠢ᠋ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠲᠦ᠍ ᠡᠬᠢᠯᠡᠭᠦᠯᠪᠡ᠃

ᠳᠤᠰ ᠲᠥᠷᠥᠯ ᠵᠦᠢᠯ ᠨᠢ ᠡᠯᠡᠰᠦ ᠶ᠋ᠢ ᠵᠠᠰᠠᠬᠤ ᠬᠢᠭᠡᠳ ᠨᠣᠭᠣᠭᠠᠷᠠᠭᠤᠯᠤᠯᠲᠠ ᠶ᠋ᠢ ᠬᠠᠮᠠᠭᠠᠯᠠᠬᠤ ᠶ᠋ᠢ ᠨᠢᠭᠡ ᠴᠣᠭᠴᠠᠵᠢᠭᠤᠯᠤᠨ ᠠᠬᠢᠭᠤᠯᠵᠤ᠂ ᠠᠮᠢ ᠠᠬᠤᠢ ᠬᠢᠭᠡᠳ ᠵᠠᠮ ᠬᠠᠷᠢᠯᠴᠠᠭ᠎ᠠ ᠵᠢ ᠬᠠᠮᠵᠢᠯᠴᠠᠭᠤᠯᠤᠨ ᠬᠦᠭᠵᠢᠭᠦᠯᠬᠦ ᠶ᠋ᠢ ᠪᠠᠷᠢᠮᠲᠠᠯᠠᠵᠤ᠂ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠠᠮᠢ ᠠᠬᠤᠢ ᠶ᠋ᠢᠨ ᠵᠠᠰᠠᠯᠲᠠ ᠶ᠋ᠢ ᠦᠷᠭᠦᠯᠵᠢᠯᠡᠨ ᠭᠦᠨᠵᠡᠭᠡᠢᠷᠡᠭᠦᠯᠤᠨ᠂ ᠮᠠᠯᠵᠢᠬᠤ ᠣᠷᠣᠨ ᠤ᠋ ᠵᠠᠮ ᠬᠠᠷᠢᠯᠴᠠᠭ᠎ᠠ ᠵᠢᠨ ᠨᠥᠬᠥᠴᠡᠯ ᠢ᠋ ᠰᠠᠢᠵᠢᠷᠠᠭᠤᠯᠬᠤ ᠪᠤᠯᠤᠨ᠎ᠠ᠃

ᠡᠨᠡ ᠵᠢᠯ ᠰᠦᠨᠢᠳ ᠵᠡᠭᠦᠨ ᠬᠣᠰᠢᠭᠤ 3300 ᠭᠠᠷᠤᠢ ᠲᠦᠮᠡᠨ ᠲᠥᠭᠥᠷᠢᠭ᠎ᠦᠨ ᠪᠡᠯᠡ ᠣᠷᠣᠭᠤᠯᠵᠤ᠂ ᠡᠯᠡᠰᠦ ᠶ᠋ᠢ ᠳᠤᠭᠤᠯᠤᠭᠰᠠᠨ ᠬᠣᠶᠠᠷ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠶ᠋ᠢ ᠡᠬᠢᠯᠡᠭᠦᠯᠪᠡ᠂ ᠶᠡᠷᠦᠩᠬᠡᠢ ᠬᠡᠪᠴᠢᠶ᠎ᠡ ᠨᠢ 49.1 ᠺᠢᠯᠣᠮᠧᠲᠷ ᠪᠠᠢᠵᠤ᠂ ᠵᠢᠱ᠌ᠢᠯᠲᠡ ᠪᠡᠷ 10 ᠰᠠᠷ᠎ᠠ ᠳ᠋ᠤ ᠪᠥᠬᠥ ᠲᠠᠯ᠎ᠠ ᠪᠠᠷ ᠠᠵᠢᠯ ᠳᠠᠭᠤᠰᠬᠠᠬᠤ ᠪᠣᠯᠣᠨ᠎ᠠ᠃ ᠲᠦᠷᠦᠯ ᠵᠦᠢᠯ ᠢ᠋ ᠠᠰᠢᠭᠯᠠᠯᠳᠠ ᠳ᠋ᠤ ᠤᠷᠤᠭᠤᠯᠤᠭᠰᠠᠨ ᠤ᠋ ᠳᠠᠷᠠᠭ᠎ᠠ᠂ ᠡᠯᠡᠰᠦᠷᠬᠡᠭ ᠣᠷᠣᠨ ᠤ᠋ ᠵᠠᠮ ᠬᠠᠷᠢᠯᠴᠠᠭᠠᠨ ᠤ᠋ 《ᠡᠴᠦᠰ᠎ᠦᠨ ᠨᠢᠭᠡ ᠺᠢᠯᠣᠮᠧᠲᠷ》 ᠢ᠋ ᠨᠠᠪᠲᠠᠷᠡᠭᠦᠯᠵᠦ᠂ ᠵᠠᠮ ᠳᠠᠭᠠᠤ ᠶ᠋ᠢᠨ ᠮᠠᠯᠴᠢᠳ ᠤ᠋ᠨ ᠶᠠᠪᠤᠵᠤ ᠰᠠᠭᠤᠬᠤ ᠳ᠋ᠤ ᠳᠦᠭᠦᠮ ᠦᠵᠡᠭᠦᠯᠤᠨ᠎ᠠ; ᠠᠮᠢ ᠠᠬᠤᠢ ᠶ᠋ᠢᠨ ᠰᠡᠷᠭᠡᠢᠯᠡᠯᠲᠡ ᠶ᠋ᠢᠨ ᠱᠤᠭᠤᠮ ᠢ᠋ ᠦᠷᠭᠦᠯᠵᠢᠯᠡᠭᠦᠯᠵᠦ᠂ ᠪᠠᠷᠤᠭ 3 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ ᠶ᠋ᠢ ᠵᠠᠰᠠᠵᠤ᠂ ᠨᠡᠭᠦᠳᠡᠯ ᠡᠯᠡᠰᠦ ᠶ᠋ᠢ ᠪᠦᠲᠦᠮᠵᠢᠲᠡᠶ ᠲᠣᠭᠲᠠᠪᠤᠷᠢᠵᠢᠭᠤᠯᠤᠨ᠂ ᠡᠯᠡᠰᠦᠷᠬᠡᠭᠵᠢᠯ ᠦᠷᠭᠡᠳᠬᠦ ᠶ᠋ᠢ ᠬᠣᠷᠢᠭ᠍ᠯᠠᠵᠤ᠂ ᠡᠯᠡᠰᠦᠷᠬᠡᠭ ᠭᠠᠵᠠᠷ ᠢ᠋ ᠠᠶᠠᠨᠳᠠᠭᠠᠨ ᠵᠠᠰᠠᠨ ᠰᠡᠷᠭᠦᠭᠡᠬᠦ ᠳ᠋ᠦ ᠡᠷᠬᠢᠮ ᠨᠠᠨᠳᠢᠨ ᠴᠠᠭ ᠬᠤᠭᠤᠴᠠᠭ᠎ᠠ ᠪᠠ ᠣᠷᠣᠨ ᠵᠠᠢ ᠬᠠᠩᠭᠠᠨ᠎ᠠ; ᠪᠠᠷᠠᠭᠠᠨ ᠤ᠋ ᠭᠦᠢᠯᠭᠡᠭᠡ ᠶ᠋ᠢᠨ ᠥᠪᠡᠷ᠎ᠦᠨ ᠦᠷᠳᠡᠭ ᠢ᠋ ᠪᠠᠭᠤᠷᠠᠭᠤᠯᠵᠤ᠂ ᠦᠬᠡᠷ ᠬᠤᠨᠢᠨ ᠮᠢᠬ᠎ᠠ ᠪᠣᠯᠣᠨ ᠴᠠᠭᠠᠨ ᠢᠳᠡᠭᠡᠨ ᠨᠡᠩ ᠬᠤᠯᠠ ᠪᠤᠷᠤᠯᠠᠭᠤᠯᠤᠭᠳᠠᠵᠤ᠂ ᠮᠠᠯ ᠠᠵᠤ ᠠᠬᠤᠢ ᠪᠣᠯᠣᠨ ᠠᠮᠢ ᠠᠬᠤᠢ ᠶ᠋ᠢᠨ ᠵᠢᠭᠤᠯᠴᠢᠯᠠᠯ ᠤ᠋ᠨ ᠬᠦᠭᠵᠢᠯᠳᠠ᠎ᠳᠤ ᠠᠬᠢᠭᠤᠯᠬᠤ ᠦᠢᠯᠡᠳᠤᠯ ᠦᠵᠡᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号