ᠰᠢ᠎ᠶᠢᠨ ᠫᠢᠩ ᠢᠨᠳᠤᠨᠧᠰᠢᠶ᠎ᠠ᠎ᠳᠤ ᠬᠦᠴᠦᠲᠡᠢ ᠭᠠᠵᠠᠷ ᠬᠥᠳᠡᠯᠦᠭᠰᠡᠨ ᠲᠤᠬᠠᠢ ᠢᠨᠳᠤᠨᠧᠰᠢᠶ᠎ᠠ᠎ᠶᠢᠨ ᠶᠡᠷᠦᠩᠬᠡᠢᠯᠡᠭᠴᠢ ᠫᠷᠠᠪᠤᠢ᠍ᠸᠸ ᠳ᠋ᠤ᠌ ᠲᠣᠬᠣᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
2026-08-18 09:12:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 17 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠢᠨᠳᠤᠨᠧᠰᠢᠶ᠎ᠠ᠎ᠳᠤ ᠬᠦᠴᠦᠲᠡᠢ ᠭᠠᠵᠠᠷ ᠬᠥᠳᠡᠯᠦᠭᠰᠡᠨ ᠲᠤᠬᠠᠢ ᠢᠨᠳᠤᠨᠧᠰᠢᠶ᠎ᠠ᠎ᠶᠢᠨ ᠶᠡᠷᠦᠩᠬᠡᠢᠯᠡᠭᠴᠢ ᠫᠷᠠᠪᠤᠢ᠍ᠸᠸ ᠳ᠋ᠤ᠌ ᠲᠣᠬᠣᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃

ᠰᠢ᠎ᠶᠢᠨ ᠫᠢᠩ᠂ ᠡᠷᠬᠢᠮ ᠤᠯᠤᠰ ᠲᠦ᠍ ᠬᠦᠴᠦᠲᠡᠢ ᠭᠠᠵᠠᠷ ᠬᠥᠳᠡᠯᠵᠤ᠂ ᠬᠥᠮᠥᠨ ᠬᠠᠷ᠎ᠠ ᠬᠦᠨᠳᠦ ᠨᠣᠴᠢᠲᠠᠢ ᠡᠨᠳᠡᠵᠤ ᠰᠢᠷᠬᠠᠲᠤᠭᠰᠠᠨ ᠪᠠ ᠡᠳ᠋ ᠬᠥᠷᠥᠩᠭᠡ ᠬᠣᠬᠢᠷᠠᠭᠰᠠᠨ᠎ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ᠎ᠡᠴᠡ ᠡᠨᠳᠡᠭᠰᠡᠳ᠎ᠢ ᠭᠦᠨ᠎ᠡ ᠡᠮᠭᠡᠨᠢᠨ ᠭᠠᠰᠢᠭᠤᠳᠠᠵᠦ᠂ ᠡᠨᠳᠡᠭᠰᠡᠳ᠎ᠦᠨ ᠭᠡᠷ ᠪᠦᠯᠢ᠎ᠶᠢᠨ ᠬᠢᠨ ᠪᠣᠯᠣᠨ ᠰᠢᠷᠬᠠᠲᠤᠭᠰᠠᠳ᠎ᠢ ᠴᠢᠩ ᠰᠡᠳᠬᠢᠯ᠎ᠡᠴᠡ᠎ᠪᠡᠨ ᠲᠣᠬᠣᠨᠢᠭᠤᠯᠵᠤ ᠪᠠᠢᠬᠤ᠎ᠪᠠᠨ ᠢᠯᠡᠳᠬᠡᠵᠤ ᠪᠠᠢᠨ᠎ᠠ᠃ ᠲᠠᠨ᠎ᠤ ᠤᠳᠤᠷᠢᠳᠤᠭᠰᠠᠨ ᠢᠨᠳᠤᠨᠧᠰᠢᠶ᠎ᠠ᠎ᠶᠢᠨ ᠵᠠᠰᠠᠭ᠎ᠤᠨ ᠣᠷᠳᠣᠨ᠎ᠤ ᠳᠠᠭᠠᠭᠤᠯᠭ᠎ᠠ ᠳᠤᠤᠷ᠎ᠠ ᠢᠨᠳᠤᠨᠧᠰᠢᠶ᠎ᠠ᠎ᠶᠢᠨ ᠠᠷᠠᠳ ᠲᠦᠮᠡᠨ ᠯᠠᠪᠲᠠᠢ ᠡᠷᠲᠡᠬᠡᠨ ᠭᠠᠮᠰᠢᠭ᠋᠎ᠢ ᠢᠯᠠᠵᠤ᠂ ᠭᠡᠷ ᠣᠷᠣᠨ᠎ᠢᠶᠠᠨ ᠲᠠᠬᠢᠨ ᠪᠠᠶ᠋ᠢᠭᠤᠯᠬᠤ᠎ᠶᠢ ᠢᠲᠡᠭᠡᠵᠦ ᠪᠠᠢᠨ᠎ᠠ ᠭᠡᠵᠦ ᠢᠯᠡᠳᠬᠡᠪᠡ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 8 ᠰᠠᠷ᠎ᠠ᠎ᠶᠢᠨ 17᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号