ᠵᠢᠶᠠᠩ ᠽᠸ ᠮᠢᠨ ᠨᠥᠬᠥᠷ᠎ᠦᠨ ᠮᠡᠨᠳᠦᠯᠡᠭᠰᠡᠨ 100 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠶᠠᠷᠢᠶ᠎ᠠ
2026-08-18 09:49:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


    (2026 ᠣᠨ᠎ᠤ 8 ᠰᠠᠷ᠎ᠠ᠎ᠶᠢᠨ 17 ᠎ᠤ᠋ ᠡᠳᠦᠷ)

                     ᠰᠢ ᠵᠢᠨ ᠫᠢᠩ


ᠨᠥᠬᠥᠳ ᠡ᠂ ᠨᠠᠶ᠋ᠢᠵᠠ᠎ᠨᠠᠷ ᠡ᠄

ᠥᠨᠥᠳᠦᠷ ᠪᠢᠳᠡ ᠦᠪᠡᠳᠡᠭᠰᠢ ᠶᠡᠬᠡ ᠎ᠪᠡᠷ ᠴᠤᠭᠯᠠᠷᠠᠵᠤ᠂ ᠵᠢᠶᠠᠩ ᠽᠸ ᠮᠢᠨ ᠨᠥᠬᠥᠷ ᠎ᠦᠨ ᠮᠡᠨᠳᠦᠯᠡᠭᠰᠡᠨ ᠵᠠᠭᠤᠨ ᠵᠢᠯ ᠎ᠦᠨ ᠤᠢ ᠎ᠶᠢ ᠳᠤᠷᠠᠰᠬᠠᠵᠤ᠂ ᠲᠡᠭᠦᠨ ᠎ᠦ ᠠᠭᠤᠤ ᠭᠠᠪᠢᠶ᠎ᠠ ᠠᠤᠭ᠎ᠠ ᠵᠢᠳᠬᠦᠯ ᠎ᠢ ᠭᠦᠨ ᠮᠥᠷᠥᠭᠡᠳᠦᠨ ᠰᠠᠨᠠᠭᠠᠯᠵᠠᠵᠤ᠂ ᠲᠡᠭᠦᠨ ᠎ᠦ ᠡᠷᠬᠢᠮ ᠳᠡᠭᠡᠳᠦ ᠬᠡᠪ ᠰᠤᠷᠲᠠᠯ᠎ᠢ ᠭᠦᠨᠵᠡᠭᠡᠢ ᠰᠤᠷᠤᠯᠴᠠᠵᠤ᠂ ᠪᠦᠬᠦ᠌ ᠨᠠᠮ ᠪᠦᠬᠦ᠌ ᠤᠯᠤᠰ ᠎ᠤᠨ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠤ ᠳᠤᠮᠳᠠᠳᠤ ᠤᠯᠤᠰ ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠎ᠤᠨ ᠦᠢᠯᠡᠰ ᠎ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠵᠢ ᠵᠤᠷᠢᠭᠵᠢᠭᠤᠯᠵᠤ ᠪᠠᠢᠨ᠎ᠠ᠃

ᠵᠢᠶᠠᠩ ᠽᠸ ᠮᠢᠨ ᠨᠥᠬᠥᠷ ᠪᠣᠯ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠡᠶ᠋ᠢᠳᠡ ᠪᠠᠷ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦ ᠎ᠲᠡᠶ ᠭᠠᠷᠮᠠᠭᠠᠢ ᠤᠳᠤᠷᠢᠳᠤᠭᠴᠢ᠂ ᠠᠭᠤᠤ ᠶᠡᠬᠡ ᠮᠠᠷᠺᠰ ᠎ᠤᠨ ᠦᠵᠡᠯᠲᠡᠨ᠂ ᠠᠭᠤᠤ ᠶᠡᠬᠡ ᠦᠭᠡᠶ᠋ᠢᠭᠦᠦ ᠠᠩᠬᠢ ᠎ᠶᠢᠨ ᠬᠤᠪᠢᠰᠬᠠᠯᠴᠢ᠂ ᠤᠯᠤᠰ ᠲᠦᠷᠦᠴᠢᠨ᠂ ᠴᠡᠷᠢᠭ᠎ᠦᠨ ᠡᠷᠳᠡᠮᠲᠡᠨ᠂ ᠭᠠᠳᠠᠭᠠᠳᠤ ᠬᠠᠷᠢᠯᠴᠠᠭᠠᠨ ᠎ᠤ ᠵᠢᠳᠬᠦᠯᠲᠡᠨ᠂ ᠤᠷᠲᠤ᠌ ᠬᠤᠭᠤᠴᠠᠭᠠᠨ᠎ᠤ ᠰᠢᠯᠭᠠᠯᠲᠠ ᠎ᠶᠢ ᠥᠩᠭᠡᠷᠡᠭᠡᠭᠰᠡᠨ ᠡᠪ ᠬᠠᠮᠲᠤ᠌ ᠶᠣᠰᠣᠨ ᠎ᠤ ᠪᠠᠶ᠋ᠢᠯᠳᠤᠭᠴᠢ᠂ ᠳᠤᠮᠳᠠᠳᠤ ᠤᠯᠤᠰ ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠎ᠤᠨ ᠠᠭᠤᠤ ᠶᠡᠬᠡ ᠦᠢᠯᠡᠰ ᠎ᠦᠨ ᠭᠠᠷᠮᠠᠭᠠᠢ ᠤᠳᠤᠷᠢᠳᠤᠭᠴᠢ᠂ ᠨᠠᠮ ᠎ᠤᠨ ᠭᠤᠷᠪᠠᠳᠤᠭᠠᠷ ᠦᠶ᠎ᠡ᠎ᠶᠢᠨ ᠲᠥᠪ ᠬᠤᠷᠢᠶ᠎ᠠ ᠵᠢᠨ ᠤᠳᠤᠷᠢᠳᠬᠤ ᠬᠠᠮᠲᠤ᠎ᠶᠢᠨ ᠭᠣᠣᠯᠯᠠᠭᠴᠢ᠂ 《ᠭᠤᠷᠪᠠ᠎ᠶᠢ ᠲᠥᠯᠥᠭᠡᠯᠡᠬᠦ᠌》 ᠴᠢᠬᠤᠯᠠ ᠦᠵᠡᠯ ᠰᠠᠨᠠᠭᠠᠨ᠎ᠤ ᠭᠣᠣᠯ ᠡᠭᠦᠳᠦᠭᠴᠢ ᠮᠥᠨ᠃

ᠵᠠᠭᠤᠨ ᠵᠢᠯ ᠎ᠦᠨ ᠡᠮᠦᠨᠡᠬᠢ ᠡᠨᠡ ᠡᠳᠦᠷ᠂ ᠵᠢᠶᠠᠩ ᠽᠸ ᠮᠢᠨ ᠨᠥᠬᠥᠷ ᠵᠢᠶᠠᠩᠰᠦ ᠮᠤᠵᠢ ᠎ᠶᠢᠨ ᠶᠠᠨᠭᠵᠸᠤ ᠬᠤᠳᠠ᠎ᠶᠢᠨ ᠨᠢᠭᠡᠨ ᠤᠯᠤᠰ ᠎ᠢᠶᠡᠨ ᠬᠠᠢᠷᠠᠯᠠᠬᠤ ᠰᠡᠬᠡᠭᠡᠲᠡᠨ ᠎ᠦ ᠭᠡᠷ ᠪᠦᠯᠢ᠎ᠳᠤ ᠮᠡᠨᠳᠦᠯᠡᠵᠡᠢ᠃ ᠲᠡᠷᠡ ᠵᠠᠯᠠᠭᠤ ᠪᠠᠭ᠎ᠠ ᠨᠠᠰᠤᠨ᠎ᠳᠠᠭᠠᠨ ᠲᠠᠷᠤᠢ ᠦᠨᠡᠨ ᠶᠣᠰᠣ ᠎ᠶᠢ ᠡᠷᠢᠯᠬᠢᠯᠡᠬᠦ ᠪᠡᠷ ᠵᠤᠷᠢᠭ ᠰᠢᠭᠤᠳᠴᠤ᠂ ᠤᠯᠤᠰ ᠎ᠢᠶᠠᠨ ᠬᠠᠶ᠋ᠢᠷᠠᠯᠠᠬᠤ ᠳᠠᠪᠰᠢᠩᠭᠤᠢ ᠰᠤᠷᠤᠭᠴᠢᠳ᠎ᠤᠨ ᠬᠥᠳᠡᠯᠭᠡᠭᠡᠨ᠎ᠳᠦ ᠢᠳᠡᠪᠬᠢᠲᠡᠢ ᠣᠷᠣᠯᠴᠠᠵᠤ᠂ 1946 ᠣᠨ᠎ᠤ 4 ᠰᠠᠷ᠎ᠠ᠎ᠳᠤ ᠳᠤᠮᠳᠠᠳᠤ ᠤᠯᠤᠰ ᠎ᠤᠨ ᠡᠪ ᠬᠠᠮᠲᠤ᠌ ᠨᠠᠮ ᠎ᠳᠤ ᠣᠷᠣᠵᠤ᠂ ᠡᠭᠦᠨ ᠡᠴᠡ ᠡᠬᠢᠯᠡᠨ ᠨᠠᠮ ᠪᠣᠯᠤᠨ ᠠᠷᠠᠳ ᠲᠦᠮᠡᠨ ᠎ᠦ ᠦᠢᠯᠡᠰ ᠎ᠲᠦ᠍ ᠨᠢᠭᠡ ᠨᠠᠰᠤ᠎ᠪᠠᠨ ᠵᠣᠷᠢᠭᠤᠯᠵᠡᠢ᠃

ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠲᠠᠷᠠᠭ᠎ᠠ᠂ ᠵᠢᠶᠠᠩ ᠽᠸ ᠮᠢᠨ ᠨᠥᠬᠥᠷ ᠤᠷᠢᠳ ᠬᠣᠵᠢᠳ ᠠᠵᠤ ᠠᠬᠤᠶ᠋ᠢᠯᠠᠯ᠂ ᠰᠢᠨᠵᠢᠯᠡᠬᠦ᠌ ᠤᠬᠠᠭᠠᠨ ᠎ᠤ ᠰᠤᠳᠤᠯᠭᠠᠨ᠎ᠤ ᠨᠢᠭᠡᠴᠢ᠂ ᠤᠯᠤᠰ᠎ᠤᠨ ᠶᠠᠮᠤᠨ ᠵᠦᠪᠯᠡᠯ ᠳ᠋ᠦ ᠠᠵᠢᠯᠯᠠᠵᠤ᠂ ᠠᠵᠢᠯ ᠎ᠤᠨ ᠪᠠᠶ᠋ᠢᠷᠢ ᠨᠢᠭᠡ ᠪᠦᠷᠢ᠎ᠳᠦ ᠴᠥᠮ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠰᠢᠷᠭᠠᠭᠤ ᠬᠠᠲᠠᠭᠤᠵᠢᠯᠲᠠᠢ ᠴᠢᠷᠮᠠᠶ᠋ᠢᠨ ᠲᠡᠮᠡᠴᠡᠵᠦ᠂ ᠭᠠᠯ ᠵᠠᠯᠠᠭᠤ ᠨᠠᠰᠤ ᠪᠡᠨ ᠨᠡᠶ᠋ᠢᠭᠡᠮ ᠵᠢᠷᠤᠮᠲᠤ᠌ ᠬᠤᠪᠢᠰᠬᠠᠯ ᠪᠠ ᠪᠦᠳᠦᠭᠡᠨ ᠪᠠᠶ᠋ᠢᠭᠤᠯᠤᠯᠲᠠ ᠎ᠶᠢᠨ ᠦᠢᠯᠡᠰ᠎ᠲᠦ᠍ ᠵᠣᠷᠢᠭᠤᠯᠪᠠ᠃ ᠥᠭᠡᠷᠡᠴᠢᠯᠡᠯᠲᠡ ᠨᠡᠭᠡᠭᠡᠯᠳᠡ᠎ᠶᠢᠨ ᠡᠬᠢᠨ ᠎ᠦ ᠦᠶ᠎ᠡ᠎ᠳᠦ᠂ ᠵᠢᠶᠠᠩ ᠽᠸ ᠮᠢᠨ ᠨᠥᠬᠥᠷ ᠤᠯᠤᠰ ᠎ᠤᠨ ᠭᠠᠳᠠᠭᠠᠳᠤ᠎ᠤᠷᠤᠭᠤᠯᠤᠯᠲᠠ ᠭᠠᠷᠭᠠᠯᠲᠠ ᠵᠢᠨ ᠬᠠᠮᠢᠶᠠᠷᠤᠯᠲᠠ᠎ᠶᠢᠨ ᠵᠥᠪᠯᠡᠯ᠂ ᠤᠯᠤᠰ ᠎ᠤᠨ ᠭᠠᠳᠠᠭᠠᠳᠤ᠎ᠳᠡᠬᠢ ᠪᠡᠯᠡ ᠣᠷᠣᠭᠤᠯᠤᠯᠲᠠ᠎ᠶᠢᠨ ᠬᠠᠮᠢᠶᠠᠷᠤᠯᠲᠠ᠎ᠶᠢᠨ ᠵᠥᠪᠯᠡᠯ ᠎ᠦᠨ ᠳᠡᠳ᠋ ᠡᠷᠬᠢᠯᠡᠭᠴᠢ ᠪᠥᠭᠡᠳ ᠨᠠᠷᠢᠨ ᠪᠢᠴᠢᠭ᠎ᠦᠨ ᠳᠠᠷᠤᠭ᠎ᠠ᠎ᠶᠢᠨ ᠲᠤᠰᠢᠶᠠᠯ ᠎ᠢ ᠡᠭᠦᠷᠭᠡᠯᠡᠵᠦ᠍᠂ ᠰᠡᠭᠦᠯᠡᠷ ᠨᠢ ᠪᠠᠰᠠ ᠡᠯᠧᠺᠲ᠋ᠷᠣᠨ ᠠᠵᠤ ᠦᠢᠯᠡᠳᠪᠦᠷᠢ᠎ᠶᠢᠨ ᠶᠠᠮᠤᠨ᠎ᠤ ᠨᠢᠭᠡᠳᠦᠭᠡᠷ ᠳᠡᠳ᠋ ᠰᠠᠶ᠋ᠢᠳ᠂ ᠰᠠᠶ᠋ᠢᠳ᠎ᠤᠨ ᠲᠤᠰᠢᠶᠠᠯ ᠎ᠢ ᠡᠭᠦᠷᠭᠡᠯᠡᠵᠦ᠍᠂ ᠥᠭᠡᠷᠡᠴᠢᠯᠡᠯᠲᠡ ᠨᠡᠭᠡᠭᠡᠯᠳᠡ᠎ᠶᠢᠨ ᠲᠠᠯ᠎ᠠ᠎ᠪᠠᠷ ᠶᠡᠬᠡ ᠬᠡᠮᠵᠢᠶᠡᠨ᠎ᠦ ᠨᠡᠭᠡᠭᠡᠯᠳᠡ᠎ᠶᠢᠨ ᠴᠢᠨᠠᠷᠲᠠᠢ ᠠᠵᠢᠯ᠎ᠢ ᠬᠢᠭᠰᠡᠨ ᠪᠠᠶ᠋ᠢᠨ᠎ᠠ᠃ ᠨᠠᠮ᠎ᠤᠨ ᠠᠷᠪᠠᠨ ᠬᠣᠶᠠᠳᠤᠭᠠᠷ ᠶᠡᠬᠡ ᠬᠤᠷᠠᠯ ᠳᠡᠭᠡᠷ᠎ᠡ᠂ ᠲᠡᠷᠡ ᠨᠠᠮ᠎ᠤᠨ ᠲᠥᠪ ᠬᠤᠷᠢᠶ᠎ᠠ ᠵᠢᠨ ᠭᠡᠰᠢᠭᠦᠨ᠎ᠢᠶᠡᠷ ᠰᠣᠩᠭᠣᠭᠳᠠᠪᠠ᠃

1985 ᠣᠨ᠎ᠳᠤ᠂ ᠵᠢᠶᠠᠩ ᠽᠸ ᠮᠢᠨ ᠨᠥᠬᠥᠷ ᠱᠠᠩᠬᠠᠢ ᠬᠤᠳᠠ᠎ᠶᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠤᠳᠠ᠎ᠶᠢᠨ ᠳᠠᠷᠤᠭ᠎ᠠ᠎ᠶᠢᠨ ᠲᠤᠰᠢᠶᠠᠯ᠎ᠢ ᠬᠠᠷᠢᠭᠤᠴᠠᠪᠠ᠃ 1987 ᠣᠨ᠎ᠳᠤ᠂ ᠲᠡᠷᠡ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠠᠩᠬᠠᠳᠤᠭᠠᠷ ᠪᠦᠬᠦᠳᠡ ᠬᠤᠷᠠᠯ ᠳᠡᠭᠡᠷ᠎ᠡ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠎ᠢᠶᠡᠷ ᠰᠣᠩᠭᠣᠭᠳᠠᠭᠰᠠᠨ ᠪᠥᠭᠡᠳ ᠱᠠᠩᠬᠠᠢ ᠬᠤᠳᠠ᠎ᠶᠢᠨ ᠨᠠᠮ᠎ᠤᠨ ᠬᠤᠷᠢᠶ᠎ᠠ ᠵᠢᠨ ᠱᠦᠵᠢ᠎ᠶᠢᠨ ᠲᠤᠰᠢᠶᠠᠯ ᠎ᠢ ᠬᠠᠷᠢᠭᠤᠴᠠᠪᠠ᠃ ᠡᠨᠡ ᠬᠤᠭᠤᠴᠠᠭᠠᠨ᠎ᠳᠤ᠂ ᠵᠢᠶᠠᠩ ᠽᠸ ᠮᠢᠨ ᠨᠥᠬᠥᠷ ᠱᠠᠩᠬᠠᠢ᠎ᠶᠢᠨ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠲᠦᠯᠦᠨ ᠳᠠᠭᠠᠭᠤᠯᠤᠨ ᠴᠤᠭ ᠰᠦᠯᠳᠡ ᠎ᠪᠡᠨ ᠪᠠᠳᠠᠷᠠᠭᠤᠯᠤᠨ᠂  ᠵᠤᠷᠢᠭᠲᠠᠢ ᠪᠡᠷ ᠰᠦᠪᠡᠭᠴᠢᠯᠡᠨ᠂ ᠱᠠᠩᠬᠠᠢ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠲᠥᠯᠥᠪᠵᠢᠭᠦᠯᠭᠡ ᠪᠠ ᠬᠤᠳᠠ᠎ᠶᠢᠨ ᠪᠦᠳᠦᠭᠡᠨ ᠪᠠᠶ᠋ᠢᠭᠤᠯᠤᠯᠲᠠ᠎ᠶᠢᠨ ᠲᠥᠯᠥᠪᠵᠢᠭᠦᠯᠭᠡ᠎ᠶᠢ  ᠤᠳᠤᠷᠢᠳᠤᠨ ᠲᠣᠭᠲᠠᠭᠠᠵᠤ᠂ ᠫᠦᠳᠦ᠋ᠩ᠎ᠢ ᠨᠡᠭᠡᠭᠡᠨ ᠬᠥᠭᠵᠢᠭᠦᠯᠵᠦ᠍ ᠨᠡᠭᠡᠭᠡᠯᠳᠡ ᠬᠢᠬᠦ᠌ ᠵᠢ  ᠪᠡᠯᠡᠳᠭᠡᠨ ᠲᠦᠯᠦᠪᠵᠢᠭᠦᠯᠬᠦ ᠵᠢ ᠠᠬᠢᠭᠤᠯᠵᠤ᠂ ᠱᠠᠩᠬᠠᠢ᠎ᠶᠢᠨ ᠥᠭᠡᠷᠡᠴᠢᠯᠡᠯᠲᠡ ᠨᠡᠭᠡᠭᠡᠯᠳᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠎ᠶᠢ ᠠᠬᠢᠭᠤᠯᠬᠤ᠎ᠳᠤ ᠲᠤᠪᠤᠢ᠌ᠮ᠎ᠠ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃ 1989 ᠣᠨ᠎ᠤ ᠬᠠᠪᠤᠷ ᠵᠤᠨ᠎ᠤ ᠠᠭᠤᠯᠵᠠᠷ᠎ᠲᠤ᠌ ᠮᠠᠨ᠎ᠤ ᠤᠯᠤᠰ᠎ᠲᠤ᠌ ᠬᠦᠨᠳᠦ ᠨᠣᠴᠢᠲᠠᠢ ᠤᠯᠤᠰ ᠲᠦᠷᠦ᠎ᠶᠢᠨ ᠦᠢᠮᠡᠭᠡᠨ ᠲᠡᠭᠳᠡᠪᠡ᠂ ᠵᠢᠶᠠᠩ ᠽᠸ ᠮᠢᠨ ᠨᠥᠬᠥᠷ ᠨᠠᠮ᠎ᠤᠨ ᠲᠥᠪ ᠬᠤᠷᠢᠶ᠎ᠠ ᠵᠢᠨ ᠵᠥᠪ ᠰᠢ᠌ᠳᠪᠦᠷᠢᠲᠦ᠍ ᠪᠤᠳᠤᠯᠭ᠎ᠠ᠎ᠶᠢ ᠡᠷᠡᠰ ᠬᠦᠷᠢᠶᠡᠯᠡᠨ ᠬᠡᠷᠡᠭᠵᠢᠭᠦᠯᠵᠦ᠍᠂ ᠱᠠᠩᠬᠠᠢ᠎ᠶᠢᠨ ᠲᠣᠭᠲᠠᠭᠤᠨ ᠪᠠᠶ᠋ᠢᠳᠠᠯ᠎ᠢ ᠬᠦᠴᠦᠲᠡᠢ ᠬᠠᠮᠠᠭᠠᠯᠠᠪᠠ᠃

1989 ᠣᠨ᠎ᠤ 6 ᠰᠠᠷ᠎ᠠ᠎ᠳᠤ᠂ ᠵᠢᠶᠠᠩ ᠽᠸ ᠮᠢᠨ ᠨᠥᠬᠥᠷ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠶ᠋ᠢᠩᠭᠤ᠎ᠶᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠎ᠪᠡᠷ ᠰᠣᠩᠭᠣᠭᠳᠠᠵᠤ᠂ ᠲᠤᠰ ᠵᠢᠯ᠎ᠦᠨ 11 ᠰᠠᠷ᠎ᠠ᠎ᠳᠤ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠡᠴᠡ ᠲᠡᠭᠦᠨ᠎ᠢ ᠳᠤᠮᠳᠠᠳᠤ ᠤᠯᠤᠰ ᠎ᠤᠨ ᠡᠪ ᠬᠠᠮᠲᠤ᠌ ᠨᠠᠮ ᠎ᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ᠎ᠪᠡᠷ ᠲᠣᠭᠲᠠᠭᠠᠵᠤ᠂ ᠵᠢᠶᠠᠩ ᠽᠸ ᠮᠢᠨ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠭᠤᠷᠪᠠᠳᠤᠭᠠᠷ ᠦᠶ᠎ᠡ᠎ᠶᠢᠨ ᠲᠥᠪ ᠬᠤᠷᠢᠶ᠎ᠠ ᠵᠢᠨ ᠤᠳᠤᠷᠢᠳᠬᠤ ᠬᠠᠮᠲᠤ᠎ᠶᠢ ᠪᠦᠷᠢᠯᠳᠦᠭᠦᠯᠪᠡ᠃

ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠡᠴᠡ ᠨᠠᠮ᠎ᠤᠨ ᠠᠷᠪᠠᠨ ᠵᠢᠷᠭᠤᠳᠤᠭᠠᠷ ᠶᠡᠬᠡ ᠬᠤᠷᠠᠯ ᠪᠣᠯᠲᠠᠯᠠᠬᠢ 13 ᠵᠢᠯ᠎ᠦᠨ ᠳᠣᠲᠣᠷ᠎ᠠ᠂ ᠳᠡᠯᠡᠬᠡᠢ᠎ᠶᠢᠨ ᠪᠠᠶ᠋ᠢᠳᠠᠯ ᠡᠭᠡᠳᠡᠷᠡᠭᠡᠨ ᠪᠤᠳᠤᠯᠢᠶᠠᠨᠲᠠᠢ ᠪᠠᠶ᠋ᠢᠵᠤ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠶᠢᠨ ᠠᠬᠢᠴᠠ ᠰᠦᠷ ᠳᠠᠯᠠᠶ᠋ᠢᠴᠠᠲᠠᠢ ᠶᠠᠪᠤᠭᠳᠠᠪᠠ᠃ ᠵᠢᠶᠠᠩ ᠽᠸ ᠮᠢᠨ ᠨᠥᠬᠥᠷ ᠨᠠᠮ᠎ᠤᠨ ᠲᠥᠪ ᠬᠤᠷᠢᠶ᠎ᠠ ᠵᠢᠨ ᠤᠳᠤᠷᠢᠳᠬᠤ ᠬᠠᠮᠲᠤ᠎ᠶᠢ ᠳᠠᠭᠠᠭᠤᠯᠤᠨ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠦᠨ ᠤᠨᠤᠯ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠨᠠᠮ᠎ᠤᠨ ᠦᠨᠳᠦᠰᠦᠨ ᠱᠤᠭᠤᠮ᠎ᠢ ᠡᠷᠡᠰ ᠭᠤᠶ᠋ᠢᠪᠢᠰᠢ ᠦᠭᠡᠢ ᠪᠠᠷᠢᠮᠲᠠᠯᠠᠵᠤ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠴᠢᠩᠭ᠎ᠠ ᠲᠦᠰᠢᠭᠯᠡᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠡᠷᠡᠰ ᠭᠤᠶ᠋ᠢᠪᠢᠰᠢ ᠦᠭᠡᠢ ᠪᠠᠷᠢᠮᠲᠠᠯᠠᠨ ᠬᠥᠭᠵᠢᠭᠦᠯᠵᠦ᠍᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠶᠢᠨ ᠰᠢᠨ᠎ᠡ ᠪᠠᠶ᠋ᠢᠳᠠᠯ᠎ᠢ ᠨᠡᠭᠡᠭᠡᠪᠡ᠃

ᠨᠠᠮ᠎ᠤᠨ ᠠᠷᠪᠠᠨ ᠵᠢᠷᠭᠤᠳᠤᠭᠠᠷ ᠶᠡᠬᠡ ᠬᠤᠷᠠᠯ᠎ᠤᠨ ᠪᠡᠯᠡᠳᠬᠡᠯ ᠬᠤᠭᠤᠴᠠᠭᠠᠨ᠎ᠳᠤ᠂ ᠵᠢᠶᠠᠩ ᠽᠸ ᠮᠢᠨ ᠨᠥᠬᠥᠷ ᠨᠠᠮ᠎ᠤᠨ ᠲᠥᠪ ᠬᠤᠷᠢᠶ᠎ᠠ ᠵᠢᠨ ᠤᠳᠤᠷᠢᠳᠬᠤ ᠲᠤᠰᠢᠶᠠᠯ᠎ᠢ ᠦᠷᠭᠦᠯᠵᠢᠯᠡᠨ ᠬᠠᠷᠢᠭᠤᠴᠠᠬᠤ ᠦᠭᠡᠢ ᠭᠡᠵᠦ᠍ ᠰᠠᠨᠠᠭᠠᠴᠢᠯᠠᠭ᠎ᠠ᠎ᠡᠴᠡ᠎ᠪᠠᠨ ᠳᠤᠷᠠᠳᠴᠤ᠌᠂ 2004 ᠣᠨ᠎ᠳᠤ ᠲᠡᠭᠦᠨ᠎ᠦ ᠡᠭᠦᠷᠭᠡᠯᠡᠵᠦ ᠪᠠᠢᠭᠰᠠᠨ ᠨᠠᠮ ᠪᠠ ᠲᠦᠷᠦ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ᠎ᠶᠢᠨ ᠲᠤᠰᠢᠶᠠᠯ᠎ᠡᠴᠡ᠎ᠪᠠᠨ ᠪᠠᠭᠤᠬᠤ᠎ᠪᠠᠷ ᠰᠠᠨᠠᠭᠠᠴᠢᠯᠠᠭ᠎ᠠ᠎ᠡᠴᠡ᠎ᠪᠠᠨ ᠳᠤᠷᠠᠳᠤᠨ ᠭᠠᠷᠭᠠᠵᠠᠢ᠃ ᠤᠳᠤᠷᠢᠳᠬᠤ ᠪᠠᠶ᠋ᠢᠷᠢᠨ᠎ᠡᠴᠡ ᠪᠠᠭᠤᠭᠰᠠᠨ᠎ᠤ ᠳᠠᠷᠠᠭ᠎ᠠ᠂ ᠵᠢᠶᠠᠩ ᠽᠸ ᠮᠢᠨ ᠨᠥᠬᠥᠷ ᠨᠠᠮ᠎ᠤᠨ ᠲᠥᠪ ᠬᠤᠷᠢᠶ᠎ᠠ ᠵᠢᠨ ᠠᠵᠢᠯ ᠎ᠢ ᠡᠷᠡᠰ ᠬᠦᠷᠢᠶᠡᠯᠡᠨ ᠳᠡᠮᠵᠢᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠦᠢᠯᠡᠰ᠎ᠢ ᠬᠠᠯᠠᠮᠵᠢᠯᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠳᠡᠮᠵᠢᠪᠡ᠃

ᠨᠥᠬᠥᠳ ᠠ᠋᠂ ᠨᠠᠢᠵᠠ ᠨᠠᠷ ᠡ !

ᠵᠢᠶᠠᠩ ᠽᠧ ᠮᠢᠨ ᠨᠥᠬᠥᠷ ᠎ᠦᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ ᠨᠠᠰᠤ᠂ ᠲᠠᠢᠴᠢᠨ ᠨᠢᠭᠡ ᠨᠠᠰᠤ ᠮᠥᠨ᠂ ᠲᠡᠷᠡ ᠦᠨᠳᠦᠰᠦᠲᠡᠨ᠎ᠦ ᠲᠤᠰᠠᠭᠠᠷ ᠲᠣᠭᠲᠠᠨᠢᠯ᠂ ᠠᠷᠠᠳ ᠲᠦᠮᠡᠨ ᠎ᠦ ᠴᠢᠯᠦᠭᠡᠯᠡᠯᠲᠡ᠎ᠶᠢ ᠲᠡᠮᠡᠴᠡᠨ ᠣᠯᠬᠤ ᠪᠠ ᠤᠯᠤᠰ ᠤ᠋ᠨ ᠪᠠᠶᠠᠵᠢᠯ ᠬᠦᠴᠦᠷᠬᠡᠭᠵᠢᠯ᠂ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠦᠨᠡᠨ ᠰᠡᠳᠬᠢᠯ᠎ᠡᠴᠡ᠎ᠪᠡᠨ ᠴᠢᠷᠮᠠᠢᠵᠤ᠂ ᠨᠠᠰᠤᠨ ᠲᠤᠷᠰᠢ ᠲᠡᠮᠡᠴᠡᠭᠰᠡᠨ ᠶᠤᠮ᠃ ᠲᠡᠷᠡ ᠨᠡᠢᠭᠡᠮ ᠵᠢᠷᠤᠮ᠎ᠤᠨ ᠪᠣᠳᠠᠰ ᠎ᠤᠨ ᠪᠣᠯᠪᠠᠰᠤᠨ᠂ ᠤᠯᠤᠰ ᠲᠥᠷᠥ᠎ᠶᠢᠨ ᠪᠣᠯᠪᠠᠰᠤᠨ᠂ ᠣᠶᠤᠨ᠎ᠤ ᠪᠣᠯᠪᠠᠰᠤᠨ ᠎ᠤ ᠪᠠᠢᠭᠤᠯᠤᠯᠲᠠ ᠪᠠ ᠨᠠᠮ ᠎ᠤᠨ ᠪᠠᠢᠭᠤᠯᠤᠯᠲᠠ᠎ᠶᠢ ᠤᠳᠤᠷᠢᠳᠤᠨ ᠠᠬᠢᠭᠤᠯᠵᠤ ᠳᠡᠯᠡᠬᠡᠢ ᠳ᠋ᠠᠬᠢᠨ ᠎ᠤ ᠠᠩᠬᠠᠷᠤᠯ᠎ᠢ ᠲᠠᠲᠠᠭᠰᠠᠨ ᠰᠢᠨ᠎ᠡ ᠠᠬᠢᠴᠠ᠎ᠲᠠᠢ ᠪᠤᠯᠭᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ ᠎ᠤᠨ ᠠᠭᠤᠤ ᠶᠡᠬᠡ ᠦᠢᠯᠡᠰ ᠎ᠢ ᠬᠠᠮᠠᠭᠠᠯᠠᠵᠤ᠂ ᠪᠦᠭᠦ ᠲᠠᠯ᠎ᠠ᠎ᠶᠢᠨ ᠥᠭᠡᠷᠡᠴᠢᠯᠡᠯᠲᠡ ᠨᠡᠭᠡᠭᠡᠯᠲᠡ᠎ᠶᠢᠨ ᠰᠢᠨ᠎ᠡ ᠪᠠᠢᠳᠠᠯ᠎ᠢ ᠪᠤᠢ ᠪᠤᠯᠭᠠᠵᠤ᠂ ᠠᠷᠠᠳ᠎ᠤᠨ ᠠᠮᠢᠳᠤᠷᠠᠯ᠎ᠢ ᠶᠡᠷᠦᠩᠬᠡᠢ ᠳ᠋ᠦ᠍ᠨᠢ ᠴᠢᠨᠡᠭᠡᠯᠢᠭᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠬᠣᠷᠢᠨ ᠨᠢᠭᠡᠳᠦᠭᠡᠷ ᠵᠠᠭᠤᠨ ᠲᠡᠢᠰᠢ ᠠᠮᠵᠢᠯᠲᠠ᠎ᠲᠠᠢ᠎ᠪᠠᠷ ᠲᠦᠯᠬᠢᠨ ᠠᠬᠢᠭᠤᠯᠬᠤ᠎ᠶᠢᠨ ᠲᠥᠯᠥᠭᠡ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠵᠦ᠂ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠩ ᠰᠡᠳᠬᠢᠯ᠎ᠦᠨ ᠬᠠᠢᠷ᠎ᠠ ᠬᠦᠨᠳᠦᠳᠬᠡᠯ ᠪᠠ ᠳᠡᠯᠡᠬᠡᠢ ᠨᠡᠶ᠋ᠢᠲᠡ᠎ᠶᠢᠨ ᠥᠷᠭᠡᠨ ᠳᠡᠯᠭᠡᠷ ᠮᠠᠭᠲᠠᠭᠠᠯ ᠰᠠᠢᠰᠢᠶᠠᠯ᠎ᠢ ᠣᠯᠣᠭᠰᠠᠨ ᠪᠠᠢᠨ᠎ᠠ!

ᠨᠥᠬᠥᠳ ᠠ᠋᠂ ᠨᠠᠢᠵᠠ ᠨᠠᠷ ᠡ !

70 ᠭᠠᠷᠤᠢ ᠵᠢᠯ ᠎ᠤᠨ  ᠬᠤᠪᠢᠰᠬᠠᠯ ᠎ᠤᠨ ᠠᠮᠢᠳᠤᠷᠠᠯ ᠳᠤᠮᠳᠠ᠂ ᠢᠯᠠᠩᠭᠤᠶ᠎ᠠ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠳᠠᠷᠠᠭᠠᠬᠢ ᠨᠠᠮ ᠪᠠ ᠤᠯᠤᠰ ᠤ᠋ᠨ ᠦᠢᠯᠡᠰ᠎ᠦᠨ ᠯᠤᠲᠤ ᠶᠡᠬᠡ ᠠᠮᠵᠢᠯᠲᠠ ᠣᠯᠬᠤ᠎ᠶᠢ ᠲᠦᠯᠬᠢᠨ ᠠᠬᠢᠭᠤᠯᠤᠭᠰᠠᠨ ᠠᠭᠤᠤ ᠶᠡᠬᠡ ᠦᠢᠯᠡᠳᠦᠯᠭᠡ᠎ᠶᠢᠨ ᠳᠤᠮᠳᠠ᠂ ᠵᠢᠶᠠᠩ ᠽᠧ ᠮᠢᠨ ᠨᠥᠬᠥᠷ ᠮᠠᠷᠺᠰ᠎ᠤᠨ ᠦᠵᠡᠯ᠎ᠦᠨ ᠤᠯᠤᠰ ᠲᠥᠷᠥᠴᠢᠨ ᠪᠣᠯᠤᠭᠰᠠᠨ᠎ᠤ ᠬᠤᠪᠢ᠎ᠳᠠᠬᠢ  ᠭᠠᠷᠮᠠᠭᠠᠢ ᠡᠷᠳᠡᠮ ᠠᠤᠭ᠎ᠠ  ᠪᠣᠳᠣᠯᠭ᠎ᠠ᠂ ᠵᠠᠩᠭᠢᠯᠠᠭ᠎ᠠ᠎ᠶᠢᠨ ᠦᠢᠯᠡᠳᠦᠯ᠂ ᠤᠳᠤᠷᠢᠳᠬᠤ ᠤᠷᠠᠯᠢᠭ᠎ᠢ ᠭᠦᠢᠴᠡᠳ ᠢᠯᠡᠷᠡᠭᠦᠯᠵᠦ᠂ ᠪᠢᠳᠡᠨ᠎ᠦ ᠡᠭᠦᠷᠢᠳᠡ ᠰᠤᠷᠤᠯᠴᠠᠭᠤᠰᠢᠲᠠᠶ᠂ ᠪᠢᠳᠡᠨ᠎ᠢ ᠡᠭᠦᠷᠢᠳᠡ ᠵᠣᠷᠢᠭ᠍ᠵᠢᠭᠤᠯᠤᠨ ᠤᠷᠤᠭᠰᠢᠯᠠᠭᠤᠯᠬᠤ ᠡᠷᠬᠢᠮ ᠳᠡᠭᠡᠳᠦ ᠬᠡᠪ ᠰᠤᠷᠲᠠᠯ᠎ᠢ ᠪᠤᠢ ᠪᠤᠯᠭᠠᠬ᠍ᠰᠠᠨ ᠪᠠᠢᠨ᠎ᠠ᠃

— ᠪᠢᠳᠡ ᠵᠢᠶᠠᠩ ᠽᠧ ᠮᠢᠨ ᠨᠥᠬᠥᠷ᠎ᠦᠨ ᠪᠠᠲᠤ ᠴᠢᠩᠭ᠎ᠠ ᠤᠯᠤᠰ ᠲᠦᠷᠦ᠎ᠶᠢᠨ ᠢᠲᠡᠭᠡᠯ ᠪᠢᠰᠢᠷᠡᠯ᠎ᠢ ᠰᠤᠷᠤᠯᠴᠠᠬᠤ ᠬᠡᠷᠡᠭᠲᠡᠢ᠃ ᠵᠢᠶᠠᠩ ᠽᠧ ᠮᠢᠨ ᠨᠥᠬᠥᠷ ᠡᠪ ᠬᠠᠮᠲᠤ ᠶᠣᠰᠣᠨ᠎ᠤ ᠬᠦᠰᠡᠯᠡᠩ᠎ᠳᠡᠭᠡᠨ ᠬᠤᠪᠢᠷᠠᠰᠢ ᠦᠭᠡᠢ ᠴᠢᠩ ᠵᠣᠷᠢᠭ᠋᠎ᠲᠠᠢ᠂ ᠨᠠᠮ ᠪᠠ ᠠᠷᠠᠳ ᠲᠦᠮᠡᠨ᠎ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠢᠵᠤ᠂ ᠨᠠᠮ ᠪᠠ ᠠᠷᠠᠳ ᠲᠦᠮᠡᠨ᠎ᠦ ᠦᠢᠯᠡᠰ᠎ᠦᠨ ᠲᠥᠯᠥᠭᠡ ᠭᠤᠢᠪᠢᠰᠢ ᠦᠭᠡᠢ ᠲᠡᠮᠡᠴᠡᠳᠡᠭ ᠶᠤᠮ᠃ ᠲᠡᠷᠡ᠄《ᠮᠠᠨ᠎ᠤ ᠡᠪ ᠬᠠᠮᠲᠤᠴᠤᠳ᠎ᠤᠨ ᠤᠯᠤᠰ ᠲᠦᠷᠦ᠎ᠶᠢᠨ ᠦᠨᠳᠦᠰᠦᠨ ᠢᠲᠡᠭᠡᠯ ᠪᠢᠰᠢᠷᠡᠯ ᠪᠣᠯ ᠨᠡᠢᠭᠡᠮ ᠵᠢᠷᠤᠮ ᠪᠠ ᠡᠪ ᠬᠠᠮᠲᠤ ᠶᠣᠰᠣ᠌ ᠮᠥᠨ᠂ ᠶᠢᠷᠲᠢᠨᠴᠦ᠎ᠶᠢᠨ ᠦᠵᠡᠯᠲᠡ ᠪᠣᠯ ᠮᠠᠷᠺᠰ᠎ᠤᠨ ᠦᠵᠡᠯ᠎ᠦᠨ ᠬᠤᠪᠢᠰᠤᠩᠭᠤᠢ ᠪᠣᠳᠠᠰᠴᠢ ᠦᠵᠡᠯ ᠪᠠ ᠲᠡᠦᠬᠡ᠎ᠶᠢᠨ ᠪᠣᠳᠠᠰᠴᠢ ᠦᠵᠡᠯ ᠮᠥᠨ᠂ ᠡᠨᠡ ᠪᠣᠯ ᠬᠡᠵᠢᠶ᠎ᠡ ᠴᠦ᠍ ᠭᠡᠰᠡᠨ ᠴᠦᠮ ᠥᠴᠥᠬᠡᠨ ᠴᠦ᠍ ᠭᠤᠢᠪᠢᠯᠵᠠᠭᠤᠯᠵᠤ ᠪᠣᠯᠣᠰᠢ ᠦᠭᠡᠢ ᠶᠠᠪᠤᠳᠠᠯ ᠮᠥᠨ》ᠭᠡᠵᠦ ᠬᠡᠯᠡᠵᠡᠢ᠃ ᠲᠡᠷᠡ ᠠᠶᠤᠯ ᠲᠦᠭᠰᠢᠭᠦᠷᠢᠲᠡᠢ ᠦᠶ᠎ᠡ᠎ᠳᠦ ᠲᠤᠰᠢᠶᠠᠯ ᠬᠦᠯᠢᠶᠡᠵᠦ ᠨᠠᠮ ᠪᠠ ᠴᠡᠷᠢᠭ ᠠᠩᠭᠢ᠎ᠶᠢᠨ ᠭᠣᠣᠯ ᠤᠳᠤᠷᠢᠳᠬᠤ ᠲᠤᠰᠢᠶᠠᠯ᠎ᠢ ᠡᠭᠦᠷᠭᠡᠯᠡᠬᠦ᠎ᠳᠡᠭᠡᠨ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠠᠴᠠ ᠨᠠᠭᠠᠰᠢᠬᠢ ᠱᠤᠭᠤᠮ ᠪᠠ ᠦᠨᠳᠦᠰᠦᠨ ᠲᠦᠷᠦ᠎ᠶᠢᠨ ᠪᠣᠳᠣᠯᠭ᠎ᠠ᠎ᠶᠢᠨ ᠲᠤᠬᠠᠢ《ᠬᠣᠶᠠᠷ ᠦᠭᠦᠯᠡᠪᠦᠷᠢ ᠦᠭᠡ ᠵᠢ ᠲᠤᠢᠯ᠎ᠤᠨ ᠲᠣᠳᠣᠷᠬᠠᠢ ᠬᠡᠯᠡᠬᠦ ᠬᠡᠷᠡᠭᠲᠡᠢ᠄ ᠨᠢᠭᠡ ᠨᠢ ᠡᠷᠡᠰ ᠭᠤᠢᠪᠢᠰᠢ ᠦᠭᠡᠢ᠂ ᠥᠴᠥᠬᠡᠨ ᠴᠦ᠍ ᠭᠤᠢᠪᠢᠯᠵᠠᠬᠤ ᠦᠭᠡᠢ ᠪᠠᠢᠬᠤ ᠬᠡᠷᠡᠭᠲᠡᠢ; ᠨᠦᠭᠦᠭᠡ ᠨᠢ ᠪᠦᠭᠦ ᠲᠠᠯ᠎ᠠ᠎ᠪᠠᠷ ᠬᠡᠷᠡᠭᠵᠢᠭᠦᠯᠵᠦ᠂ ᠢᠮᠠᠭᠲᠠ ᠲᠤᠭᠤᠰᠢᠯᠠᠭᠤᠯᠬᠤ ᠬᠡᠷᠡᠭᠲᠡᠢ》᠃《ᠨᠠᠮ ᠪᠠ ᠠᠷᠠᠳ ᠲᠦᠮᠡᠨ᠎ᠦ ᠦᠢᠯᠡᠰ᠎ᠦᠨ ᠲᠥᠯᠥᠭᠡ᠂ ᠪᠢ ᠯᠠᠪᠲᠠᠢ ᠦᠨᠡᠨ ᠰᠡᠳᠬᠢᠯ᠎ᠡᠴᠡ᠎ᠪᠡᠨ ᠴᠢᠷᠮᠠᠢᠵᠤ᠂ ᠦᠬᠦᠨ ᠦᠬᠦᠲᠡᠯ᠎ᠡ᠎ᠪᠡᠨ ᠵᠢᠳᠬᠦᠨ᠎ᠡ》 ᠭᠡᠵᠦ ᠢᠯᠡᠳᠭᠡᠪᠡ᠃ 20 ᠳ᠋ᠤᠭᠠᠷ ᠵᠠᠭᠤᠨ᠎ᠤ ᠨᠠᠶᠠᠭᠠᠳ ᠣᠨ᠎ᠤ ᠰᠡᠭᠦᠯᠴᠢ ᠶᠡᠷᠡᠭᠡᠳ ᠣᠨ᠎ᠤ ᠡᠬᠢ᠎ᠪᠡᠷ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠳᠠᠢ ᠪᠠ ᠤᠯᠤᠰ ᠎ᠤᠨ ᠳᠣᠲᠣᠭᠠᠳᠤ᠎ᠳᠤ ᠬᠦᠨᠳᠦ ᠨᠣᠴᠢᠲᠠᠢ ᠤᠯᠤᠰ ᠲᠦᠷᠦ᠎ᠶᠢᠨ ᠦᠢᠮᠡᠭᠡᠨ ᠲᠡᠭᠳᠡᠭᠰᠡᠨ ᠬᠦᠨᠳᠦ ᠶᠡᠬᠡ ᠰᠢᠯᠭᠠᠯᠲᠠ᠎ᠶᠢᠨ ᠡᠮᠦᠨ᠎ᠡ᠂ ᠲᠡᠷᠡ ᠠᠵᠤ ᠠᠬᠤᠢ᠎ᠶᠢᠨ ᠪᠦᠲᠦᠭᠡᠨ ᠪᠠᠢᠭᠤᠯᠤᠯᠲᠠ ᠬᠢᠬᠦ ᠡᠨᠡ ᠬᠦ᠌ ᠭᠣᠣᠯᠳᠠᠯᠭ᠎ᠠ᠎ᠶᠢ ᠥᠴᠥᠬᠡᠨ ᠴᠦ᠍ ᠭᠤᠢᠪᠢᠰᠢ ᠦᠭᠡᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ᠎ᠪᠠᠷ ᠲᠦᠷᠪᠡᠨ ᠦᠨᠳᠦᠰᠦᠨ ᠵᠠᠷᠴᠢᠮ ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ᠎ᠶᠢ ᠪᠠᠷᠢᠮᠲᠠᠯᠠᠵᠤ᠂ ᠵᠠᠰᠠᠵᠤ ᠴᠡᠭᠴᠡᠯᠡᠬᠦ ᠠᠵᠢᠯ᠎ᠢ ᠥᠷᠨᠢᠭᠦᠯᠦᠨ᠂ ᠭᠠᠳᠠᠭᠠᠳᠤ ᠬᠠᠷᠢᠯᠴᠠᠭᠠᠨ᠎ᠤ ᠲᠡᠮᠡᠴᠡᠯ ᠶᠠᠪᠤᠭᠤᠯᠵᠤ᠂ ᠤᠯᠤᠰ ᠤ᠋ᠨ ᠲᠤᠰᠠᠭᠠᠷ ᠲᠣᠭᠲᠠᠨᠢᠯ᠂ ᠨᠡᠷ᠎ᠡ ᠬᠦᠨᠳᠦ᠂ ᠠᠮᠤᠷ ᠲᠦᠪᠰᠢᠨ᠂ ᠲᠣᠭᠲᠠᠭᠤᠨ ᠪᠠᠢᠳᠠᠯ᠎ᠢ ᠡᠷᠡᠰ ᠬᠠᠮᠠᠭᠠᠯᠠᠪᠠ᠃ ᠲᠡᠷᠡ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠤᠷᠰᠢᠯᠭ᠎ᠠ ᠰᠤᠷᠭᠠᠮᠵᠢ᠎ᠶᠢ ᠭᠦᠨᠵᠡᠭᠡᠢ ᠳ᠋ᠦᠩᠨᠡᠵᠦ᠂ ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠨᠷ ᠨᠠᠮ᠎ᠢ ᠵᠠᠰᠠᠬᠤ ᠬᠡᠷᠡᠭᠲᠡᠢ᠂ ᠨᠠᠮ᠎ᠢ ᠵᠠᠰᠠᠬᠤ᠎ᠳᠤ ᠡᠷᠬᠡᠪᠰᠢ ᠴᠢᠩᠭ᠎ᠠ ᠪᠠᠢᠬᠤ ᠬᠡᠷᠡᠭᠲᠡᠢ᠂ ᠥᠭᠡᠷᠡᠴᠢᠯᠡᠯᠲᠡ ᠨᠡᠭᠡᠭᠡᠯᠲᠡ ᠬᠢᠵᠦ ᠠᠵᠤ ᠠᠬᠤᠢ᠎ᠶᠢ ᠬᠥᠭᠵᠢᠭᠦᠯᠬᠦ ᠲᠤᠳᠦᠮ ᠨᠠᠮ᠎ᠤᠨ ᠤᠳᠤᠷᠢᠳᠤᠯᠭ᠎ᠠ᠎ᠶᠢ ᠤᠯᠠᠮ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠶᠢ ᠤᠯᠠᠮ ᠰᠠᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠮᠠᠨ᠎ᠤ ᠨᠠᠮ ᠪᠣᠯ ᠢᠮᠠᠭᠲᠠ ᠳᠤᠮᠳᠠᠳᠤ ᠤᠯᠤᠰ᠎ᠤᠨ ᠠᠵᠢᠯᠴᠢᠨ ᠠᠩᠭᠢ᠎ᠶᠢᠨ ᠬᠣᠰᠢᠭᠤᠴᠢ ᠠᠩᠭᠢ ᠮᠥᠨ᠂ ᠡᠭᠦᠨ᠎ᠦ ᠬᠠᠮᠲᠤ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ᠎ᠶᠢᠨ ᠦᠨᠳᠦᠰᠦᠲᠡᠨ᠎ᠦ ᠬᠣᠰᠢᠭᠤᠴᠢ ᠠᠩᠭᠢ ᠪᠤᠯᠬᠤ ᠶᠤᠮ ᠭᠡᠵᠦ ᠲᠤᠷᠠᠳᠴᠤ᠂ ᠤᠳᠤᠷᠢᠳᠬᠤ ᠺᠠᠳ᠋ᠷᠴᠤᠳ ᠰᠤᠷᠤᠯᠴᠠᠯᠭ᠎ᠠ᠎ᠶᠢ ᠡᠷᠭᠢᠮᠯᠡᠵᠦ᠂ ᠤᠯᠤᠰ ᠲᠦᠷᠦ᠎ᠶᠢ ᠡᠷᠭᠢᠮᠯᠡᠵᠦ᠂ ᠲᠥᠪ ᠰᠤᠷᠲᠠᠯ ᠎ᠢ ᠡᠷᠭᠢᠮᠯᠡᠵᠦ᠂ ᠤᠳᠤᠷᠢᠳᠬᠤ ᠲᠦᠪᠰᠢᠨ ᠪᠣᠯᠣᠨ ᠲᠦᠷᠦ ᠪᠠᠷᠢᠬᠤ ᠲᠦᠪᠰᠢᠨ ᠵᠢᠨᠨ ᠳᠡᠭᠡᠭᠰᠢᠯᠡᠭᠦᠯᠭᠦ᠂ ᠢᠯᠵᠢᠷᠠᠯ᠎ᠢ ᠡᠰᠡᠷᠭᠦᠴᠡᠨ ᠬᠤᠪᠢᠷᠠᠬᠤ ᠎ᠶᠢ ᠰᠡᠷᠭᠡᠢᠯᠡᠬᠦ ᠪᠠ ᠠᠶᠤᠯ ᠲᠦᠭᠰᠢᠭᠦᠷᠢ᠎ᠶᠢ ᠡᠰᠡᠷᠭᠦᠴᠡᠨ ᠬᠣᠷᠢᠭ᠍ᠯᠠᠬᠤ ᠴᠢᠳᠠᠪᠤᠷᠢ᠎ᠪᠠᠨ ᠨᠡᠮᠡᠭᠳᠡᠭᠦᠯᠬᠦ ᠬᠣᠶᠠᠷ ᠶᠡᠬᠡ ᠲᠡᠦᠬᠡᠲᠦ ᠴᠢᠨᠠᠷᠲᠠᠢ ᠰᠡᠳᠦᠪ᠎ᠢ ᠬᠦᠴᠦ ᠲᠠᠯᠪᠢᠨ ᠰᠢᠢᠳᠪᠦᠷᠢᠯᠡᠬᠦ᠎ᠶᠢ ᠠᠬᠢᠭᠤᠯᠵᠤ᠂ ᠨᠠᠮ ᠎ᠤᠨ ᠲᠡᠷᠢᠭᠦᠨ᠎ᠦ ᠴᠢᠨᠠᠷ ᠪᠣᠯᠣᠨ ᠴᠡᠪᠡᠷ ᠴᠢᠨᠠᠷ᠎ᠢ ᠪᠠᠲᠤᠯᠠᠵᠤ᠂ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ  ᠢᠨᠵᠧᠨᠧᠷᠢᠩ ᠎ᠢ ᠯᠠᠪᠳᠠᠭᠤᠨ᠎ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢᠨ᠎ᠡ ᠠᠶᠠᠨ᠎ᠳᠦ᠂ ᠪᠢᠳᠡ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠮᠠᠷᠺᠰ᠎ᠤᠨ ᠦᠵᠡᠯ᠎ᠦᠨ ᠲᠤᠬᠠᠢ ᠢᠲᠡᠭᠡᠯ ᠪᠢᠰᠢᠷᠡᠯ᠂ ᠡᠪ ᠬᠠᠮᠲᠤ ᠶᠣᠰᠣᠨ᠎ᠤ ᠲᠤᠬᠠᠢ ᠢᠲᠡᠭᠡᠯ ᠵᠣᠷᠢᠭ᠋᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠲᠤᠬᠠᠢ ᠢᠲᠡᠭᠡᠯ᠎ᠢᠶᠡᠨ ᠪᠠᠲᠤᠳᠬᠠᠵᠤ᠂ ᠨᠠᠮ ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠎ᠶᠢ ᠪᠠᠷᠢᠮᠲᠠᠯᠠᠵᠤ᠂ ᠤᠬᠠᠮᠰᠠᠷ᠎ᠠᠴᠠ᠎ᠪᠠᠨ 《ᠲᠦᠷᠪᠡᠨ ᠤᠬᠠᠮᠰᠠᠷ》 ᠵᠢᠨᠨ ᠴᠢᠩᠭᠠᠳᠬᠠᠵᠤ᠂ 《ᠲᠦᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠬᠦ ᠬᠡᠷᠡᠭᠲᠡᠢ᠃ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ ᠎ᠤᠨ  ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠤᠯᠬᠤ᠎ᠶᠢ ᠪᠠᠲᠤᠯᠠᠬᠤ ᠬᠡᠷᠡᠭᠲᠡᠢ᠃

— ᠪᠢᠳᠡ ᠵᠢᠶᠠᠩ ᠽᠧ ᠮᠢᠨ ᠨᠥᠬᠥᠷ᠎ᠦᠨ ᠠᠷᠠᠳ᠎ᠤᠨ ᠲᠥᠯᠥᠭᠡ ᠵᠢᠳᠬᠦᠬᠦ ᠴᠢᠩ ᠦᠨᠡᠨᠴᠢ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠰᠤᠷᠤᠯᠴᠠᠬᠤ ᠬᠡᠷᠡᠭᠲᠡᠢ᠃ ᠵᠢᠶᠠᠩ ᠽᠧ ᠮᠢᠨ ᠨᠥᠬᠥᠷ ᠢᠮᠠᠭᠲᠠ ᠠᠷᠠᠳ ᠲᠦᠮᠡᠨ᠎ᠦ ᠵᠣᠭᠰᠣᠯᠲᠠ ᠳᠡᠭᠡᠷ᠎ᠡ ᠵᠣᠭᠰᠣᠵᠤ᠂ ᠠᠷᠠᠳ ᠤᠯᠠᠨ᠎ᠤ ᠠᠮᠤᠷ ᠲᠦᠪᠰᠢᠨ ᠠᠶᠤᠯ ᠲᠦᠭᠰᠢᠭᠦᠷᠢ ᠵᠢᠷᠭᠠᠯ ᠵᠣᠪᠠᠯᠠᠩ᠎ᠳᠤ ᠰᠡᠳᠬᠢᠯ ᠲᠠᠯᠪᠢᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠡᠴᠡ ᠡᠭᠦᠰᠦᠨ ᠠᠵᠢᠯ᠎ᠢᠶᠠᠨ ᠪᠠᠢᠷᠢᠯᠠᠭᠤᠯᠤᠨ ᠠᠬᠢᠭᠤᠯᠪᠠ᠃ ᠲᠡᠷᠡ ᠄ 《ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠂ ᠨᠡᠶ᠋ᠢᠲᠡ᠎ᠶᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ ᠪᠠᠷᠢᠬᠤ ᠪᠣᠯ ᠮᠠᠨ᠎ᠤ ᠨᠠᠮ ᠬᠢᠭᠡᠳ ᠠᠯᠢᠪᠠ ᠮᠥᠯᠵᠢᠭᠴᠢ ᠠᠩᠭᠢ᠎ᠶᠢᠨ ᠲᠦᠷᠦ᠎ᠶᠢᠨ ᠨᠠᠮ᠎ᠤᠨ ᠦᠨᠳᠦᠰᠦᠨ ᠢᠯᠭᠠᠭ᠎ᠠ ᠮᠥᠨ》᠃ 《ᠶᠠᠮᠠᠷᠪᠠ ᠦᠶ᠎ᠡ᠎ᠳᠦ ᠶᠠᠮᠠᠷᠪᠠ ᠪᠠᠢᠳᠠᠯ᠎ᠤᠨ ᠳᠣᠣᠷ᠎ᠠ ᠴᠤ᠌ ᠭᠡᠰᠡᠨ ᠠᠷᠠᠳ ᠤᠯᠡᠠ᠎ᠲᠠᠢ ᠰᠡᠳᠬᠢᠯ ᠰᠠᠨᠠᠭ᠎ᠠ᠎ᠪᠠᠨ ᠨᠢᠭᠡᠳᠬᠡᠨ ᠬᠤᠪᠢ ᠵᠠᠶᠠᠭ᠎ᠠ᠎ᠪᠠᠨ ᠬᠠᠮᠲᠤᠳᠬᠠᠬᠤ ᠵᠣᠭᠰᠣᠯᠲᠠ᠎ᠪᠠᠨ ᠬᠤᠪᠢᠷᠠᠭᠤᠯᠵᠤ ᠪᠣᠯᠬᠤ ᠦᠭᠡᠢ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠵᠣᠷᠢᠯᠲᠠ᠎ᠪᠠᠨ ᠮᠠᠷᠲᠠᠵᠤ ᠪᠣᠯᠬᠤ ᠦᠭᠡᠢ᠂ ᠤᠯᠡᠠ ᠲᠦᠮᠡᠨ ᠪᠣᠯ ᠵᠢᠩᠬᠢᠨᠢ ᠪᠠᠭᠠᠲᠤᠷ ᠮᠥᠨ ᠭᠡᠳᠡᠭ᠎ᠢ ᠪᠠᠲᠤ ᠢᠲᠡᠭᠡᠬᠦ ᠲᠡᠦᠬᠡ᠎ᠶᠢᠨ ᠪᠣᠳᠠᠰᠴᠢ ᠦᠵᠡᠯ᠎ᠦᠨ ᠦᠵᠡᠯᠲᠡ᠎ᠪᠡᠨ ᠲᠠᠶᠠᠭᠳᠠᠵᠤ ᠪᠣᠯᠬᠤ ᠦᠭᠡᠢ》ᠭᠡᠵᠦ ᠴᠢᠬᠤᠯᠠᠴᠢᠯᠠᠪᠠ᠃ ᠲᠡᠷᠡ᠂ ᠠᠵᠤ ᠠᠬᠤᠢ᠎ᠶᠢ ᠬᠥᠭᠵᠢᠭᠦᠯᠬᠦ᠎ᠶᠢᠨ ᠦᠨᠳᠦᠰᠦᠨ ᠵᠣᠷᠢᠯᠭ᠎ᠠ ᠪᠣᠯ ᠪᠦᠬᠦ ᠤᠯᠤᠰ᠎ᠤᠨ ᠠᠷᠠᠳ ᠲᠦᠮᠡᠨ᠎ᠦ ᠠᠮᠢᠳᠤᠷᠠᠯ᠎ᠤᠨ ᠲᠦᠪᠰᠢᠨ ᠪᠣᠯᠣᠨ ᠶᠠᠰᠤ ᠴᠢᠨᠠᠷ᠎ᠢ ᠳᠡᠭᠡᠭᠰᠢᠯᠡᠭᠦᠯᠬᠦ ᠶᠠᠪᠤᠳᠠᠯ ᠪᠤᠯᠤᠨ᠎ᠠ ᠭᠡᠮᠡᠨ ᠬᠦᠨᠵᠡᠭᠡᠢ ᠵᠢᠭᠠᠨ ᠭᠠᠷᠭᠠᠵᠤ᠂ ᠠᠷᠪᠠᠨ ᠬᠡᠳᠦᠨ ᠳ᠋ᠦᠩᠰᠢᠭᠤᠷ ᠬᠥᠮᠥᠨ ᠠᠮᠠ᠎ᠳᠤ ᠠᠰᠢᠭ᠋ ᠬᠦᠷᠲᠡᠭᠡᠬᠦ ᠨᠡᠩ ᠥᠨᠳᠥᠷ ᠲᠦᠪᠰᠢᠨ ᠪᠦᠬᠦᠢ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠭᠡᠷᠡᠭᠳᠡᠢ ᠭᠡᠵᠦ ᠴᠢᠬᠤᠯᠠᠴᠢᠯᠠᠪᠠ᠃ ᠲᠡᠷᠡ᠂ ᠨᠠᠮ᠎ᠤᠨ ᠭᠡᠰᠢᠭᠦᠨ᠂ ᠺᠠᠳ᠋ᠷᠴᠤᠳ ᠢᠮᠠᠭᠲᠠ ᠠᠷᠠᠳ᠎ᠢᠶᠠᠨ ᠬᠠᠢᠷᠠᠯᠠᠬᠤ ᠰᠡᠳᠬᠢᠯ᠎ᠢ ᠭᠦᠨ ᠡᠪᠦᠷᠯᠡᠵᠦ᠂ ᠠᠷᠠᠳ ᠲᠦᠮᠡᠨ᠎ᠦ ᠲᠥᠯᠥᠭᠡ ᠵᠢᠳᠬᠦᠬᠦ ᠬᠠᠷᠢᠭᠤᠴᠠᠯᠭ᠎ᠠ᠎ᠶᠢ ᠪᠠᠲᠤ ᠰᠠᠬᠢᠵᠤ᠂ ᠠᠷᠠᠳ᠎ᠢ ᠪᠠᠶᠠᠵᠢᠭᠤᠯᠬᠤ ᠠᠷᠭ᠎ᠠ ᠪᠣᠳᠣᠯᠭ᠎ᠠ᠎ᠶᠢ ᠰᠦᠪᠡᠭᠴᠢᠯᠡᠬᠦ᠎ᠳᠡᠭᠡᠨ ᠴᠢᠳᠠᠮᠠᠭᠠᠢ ᠪᠠᠢᠵᠤ᠂ ᠠᠷᠠᠳ᠎ᠲᠤ ᠠᠰᠢᠭ᠍ᠲᠠᠢ ᠶᠠᠪᠤᠳᠠᠯ᠎ᠢ ᠢᠯᠡᠭᠦᠬᠡᠨ ᠬᠢᠵᠦ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠰᠠᠢᠲᠤᠷ ᠪᠡᠶᠡᠯᠡᠭᠦᠯᠵᠦ᠂ ᠰᠠᠢᠲᠤᠷ ᠬᠠᠮᠠᠭᠠᠯᠠᠵᠤ᠂ ᠰᠠᠢᠲᠤᠷ ᠬᠥᠭᠵᠢᠭᠦᠯᠵᠦ᠂ ᠠᠷᠠᠳ ᠤᠯᠠᠨ᠎ᠤ ᠢᠳᠡᠪᠬᠢᠵᠢᠯ᠎ᠢ ᠰᠠᠢᠲᠤᠷ ᠬᠥᠲᠥᠯᠥᠨ ᠵᠢᠯᠤᠭᠣᠳᠴᠤ᠂ ᠰᠠᠢᠲᠤᠷ ᠬᠠᠮᠠᠭᠠᠯᠠᠵᠤ᠂ ᠰᠠᠢᠲᠤᠷ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭᠵᠢᠭᠦᠯᠬᠦ ᠪᠠᠢᠯᠳᠤᠬᠤ ᠪᠣᠳᠣᠯᠭ᠎ᠠ᠂ ᠤᠯᠤᠰ᠎ᠤᠨ ᠨᠠᠢ᠍ᠮᠠ ᠲᠤᠯᠤᠭ᠎ᠠ᠎ᠶᠢᠨ ᠶᠠᠳᠠᠭᠤ᠎ᠶᠢ ᠲᠡᠳᠬᠦᠬᠦ ᠪᠣᠭᠣᠮᠲᠠ ᠰᠢᠪᠲᠤᠯᠬᠤ ᠲᠥᠯᠥᠪᠯᠡᠭᠡ᠎ᠶᠢ ᠤᠳᠤᠷᠢᠳᠤᠨ ᠬᠡᠷᠡᠭᠵᠢᠭᠦᠯᠵᠦ᠂ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠠᠵᠢᠯ᠎ᠤᠨ ᠪᠠᠢᠷᠢ ᠡᠴᠡ᠎ᠪᠠᠨ ᠪᠠᠭᠤᠭᠰᠠᠨ ᠠᠵᠢᠯᠲᠠᠨ ᠠᠵᠢᠯᠴᠢᠨ᠎ᠤ ᠠᠮᠢᠳᠤᠷᠠᠯ᠎ᠢ ᠬᠠᠯᠠᠮᠵᠢᠯᠠᠬᠤ ᠪᠠ ᠲᠠᠬᠢᠨ ᠠᠵᠢᠯ ᠣᠯᠭᠣᠬᠤ ᠵᠡᠷᠭᠡ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠭᠲᠠᠭᠠᠵᠤ᠂  ᠠᠷᠠᠳ᠎ᠤᠨ ᠠᠮᠢᠳᠤᠷᠠᠯ ᠢᠳᠡᠵᠦ ᠡᠮᠦᠰᠬᠦ᠎ᠳᠡᠭᠡᠨ ᠵᠥᠪ ᠦᠭᠡᠢ ᠪᠠᠢᠭᠰᠠᠨ ᠡᠴᠡ ᠰᠢᠨ᠎ᠡ ᠴᠠᠭ ᠦᠶ᠎ᠡ᠎ᠳᠦ ᠶᠡᠷᠦᠩᠬᠡᠢ᠎ᠳᠡᠭᠡᠨ ᠴᠢᠨᠡᠭᠡᠯᠢᠭᠵᠢᠭᠰᠡᠨ᠂ ᠪᠦᠬᠦ ᠲᠠᠯ᠎ᠠ᠎ᠪᠠᠷ ᠴᠢᠨᠡᠭᠡᠯᠢᠭᠵᠢᠬᠦ ᠲᠡᠢᠰᠢ ᠤᠷᠤᠭᠰᠢᠯᠠᠭᠰᠠᠨ ᠲᠡᠦᠬᠡᠲᠦ ᠴᠢᠨᠠᠷᠲᠠᠢ ᠳᠠᠪᠠᠯᠲᠠ᠎ᠶᠢ ᠬᠦᠴᠦᠲᠡᠢ ᠠᠬᠢᠭᠤᠯᠪᠠ᠃

ᠰᠢᠨ᠎ᠡ ᠠᠶᠠᠨ᠎ᠳᠤ᠂ ᠪᠢᠳᠠ ᠲᠦᠷᠦ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠦᠷᠦ ᠭᠦᠷᠦᠨ ᠮᠦᠨ ᠭᠡᠳᠡᠭ᠎ᠢ ᠪᠠᠲᠤ ᠴᠡᠭᠡᠵᠢᠯᠡᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠠᠯᠪᠠᠨ ᠵᠠᠷᠤᠴᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠠᠷᠠᠳ ᠲᠦᠮᠡᠨ᠎ᠳᠦ ᠲᠦᠰᠢᠭᠯᠡᠨ ᠲᠡᠦᠬᠡ᠎ᠶᠢᠨ ᠠᠭᠤᠤ ᠦᠢᠯᠡᠰ᠎ᠢ ᠡᠭᠦᠳᠴᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠪᠦᠬᠦ ᠠᠷᠠᠳ ᠲᠦᠮᠡᠨ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠵᠢ ᠠᠬᠢᠭᠤᠯᠬᠤ ᠬᠡᠷᠡᠭᠲᠡᠢ᠃

— ᠪᠢᠳᠡ ᠵᠢᠶᠠᠩ ᠽᠧ ᠮᠢᠨ ᠨᠥᠬᠥᠷ᠎ᠦᠨ ᠴᠠᠭ ᠦᠶ᠎ᠡ᠎ᠲᠠᠢ ᠵᠡᠷᠭᠡᠪᠡᠷ ᠤᠷᠤᠭᠰᠢᠯᠠᠬᠤ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠎ᠶᠢ ᠰᠤᠷᠤᠯᠴᠠᠬᠤ ᠬᠡᠷᠡᠭᠲᠡᠢ᠃ ᠵᠢᠶᠠᠩ ᠽᠧ ᠮᠢᠨ ᠨᠥᠬᠥᠷ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠡᠴᠡ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠬᠤ᠎ᠶᠢ ᠪᠠᠷᠢᠮᠲᠠᠯᠠᠵᠤ᠂ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ ᠪᠠ ᠦᠢᠯᠡᠳᠦᠯᠭᠡ᠎ᠶᠢᠨ ᠬᠥᠭᠵᠢᠯᠲᠡ᠎ᠶᠢᠨ ᠬᠡᠷᠡᠭᠴᠡᠭᠡ᠎ᠳᠦ ᠵᠣᠬᠢᠴᠠᠭᠤᠯᠤᠨ᠂ ᠤᠨᠤᠯ᠎ᠤᠨ ᠰᠢᠨ᠎ᠡ ᠡᠭᠦᠳᠦᠯᠲᠡ᠂ ᠪᠠᠢᠭᠤᠯᠤᠯ᠎ᠤᠨ ᠰᠢᠨ᠎ᠡ ᠡᠭᠦᠳᠦᠯᠲᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠰᠣᠶᠣᠯ᠎ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ᠎ᠶᠢᠨ ᠰᠢᠨ᠎ᠡ ᠡᠭᠦᠳᠦᠯᠲᠡ᠎ᠶᠢ ᠲᠠᠰᠤᠷᠠᠯᠳᠠ ᠦᠭᠡᠢ ᠲᠦᠯᠬᠢᠨ ᠠᠬᠢᠭᠤᠯᠪᠠ᠃ ᠲᠡᠷᠡ᠄ 《ᠰᠢᠨ᠎ᠡ᠎ᠶᠢ ᠡᠭᠦᠳᠬᠦ ᠪᠣᠯ ᠨᠢᠭᠡ ᠦᠨᠳᠦᠰᠦᠲᠡᠨ᠎ᠦ ᠲᠠᠪᠰᠢᠯᠳᠠ᠎ᠶᠢᠨ ᠰᠦᠭ ᠰᠦᠨᠡᠰᠦ ᠮᠥᠨ᠂ ᠨᠢᠭᠡ ᠤᠯᠤᠰ᠎ᠤᠨ ᠬᠥᠭᠵᠢᠨ ᠮᠠᠨᠳᠤᠬᠤ᠎ᠶᠢᠨ ᠮᠥᠩᠬᠡ᠎ᠶᠢᠨ ᠬᠥᠳᠡᠯᠭᠡᠭᠴᠢ ᠬᠦᠴᠦᠨ ᠮᠥᠨ᠂ ᠪᠠᠰᠠ ᠴᠤ᠌ ᠨᠢᠭᠡ ᠲᠦᠷᠦ᠎ᠶᠢᠨ ᠨᠠᠮ᠎ᠤᠨ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠬᠠᠳᠠᠭᠠᠯᠠᠬᠤ᠎ᠶᠢᠨ ᠡᠬᠢ ᠪᠤᠯᠠᠭ ᠮᠥᠨ》᠃ 《ᠵᠠᠪᠠᠯ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶᠢᠨ ᠪᠣᠳᠠᠲᠠᠢ ᠠᠰᠠᠭᠤᠳᠠᠯ᠂ ᠮᠠᠨ᠎ᠤ ᠶᠠᠭ ᠬᠢᠵᠦ ᠪᠠᠢᠭ᠎ᠠ ᠠᠵᠢᠯ ᠶᠠᠪᠤᠳᠠᠯ᠎ᠢᠶᠠᠷ ᠭᠣᠣᠯᠳᠠᠯᠭ᠎ᠠ ᠪᠣᠯᠭᠠᠵᠤ᠂ ᠮᠠᠷᠺᠰ᠎ᠤᠨ ᠦᠵᠡᠯ᠎ᠦᠨ ᠤᠨᠦᠯ᠎ᠢ ᠬᠡᠷᠡᠭᠯᠡᠬᠦ᠎ᠶᠢ ᠠᠩᠬᠠᠷᠴᠤ᠂ ᠪᠣᠳᠠᠲᠠᠢ ᠠᠰᠠᠭᠤᠳᠠᠯ᠎ᠤᠨ ᠲᠤᠬᠠᠢ ᠤᠨᠦᠯ᠎ᠤᠨ ᠪᠣᠳᠣᠯᠬᠢᠯᠠᠯ ᠬᠢᠬᠦ᠎ᠶᠢ ᠠᠩᠬᠠᠷᠴᠤ᠂ ᠰᠢᠨ᠎ᠡ ᠦᠢᠯᠡᠳᠦᠯᠭᠡ ᠪᠠ ᠰᠢᠨ᠎ᠡ ᠬᠥᠭᠵᠢᠯᠲᠡ᠎ᠶᠢ ᠠᠩᠬᠠᠷᠬᠤ ᠬᠡᠷᠡᠭᠲᠡᠢ》 ᠭᠡᠵᠦ ᠴᠢᠬᠤᠯᠠᠴᠢᠯᠠᠪᠠ᠃ ᠲᠡᠷᠡ ᠨᠠᠮ᠎ᠤᠨ ᠪᠦᠬᠦ ᠤᠨᠤᠯ ᠪᠠ ᠠᠵᠢᠯ ᠴᠠᠭ ᠦᠶᠡᠴᠢ ᠴᠢᠨᠠᠷ᠎ᠢ ᠢᠯᠡᠷᠡᠭᠦᠯᠵᠦ᠂ ᠵᠢᠮ᠎ᠡ ᠶᠣᠰᠣᠴᠢ ᠴᠢᠨᠠᠷ᠎ᠢ ᠡᠵᠡᠮᠰᠢᠵᠦ᠂ ᠪᠦᠲᠦᠭᠡᠯᠴᠢ ᠴᠢᠨᠠᠷ ᠪᠠᠶᠠᠯᠢᠭ ᠪᠠᠢᠬᠤ ᠭᠡᠷᠡᠭᠳᠡᠢ ᠭᠡᠵᠦ ᠳᠤᠷᠠᠳᠤᠨ᠂ ᠪᠥᠬᠥ ᠨᠠᠮ᠎ᠤᠨ ᠣᠶᠤᠨ ᠤᠬᠠᠭᠠᠨ᠎ᠢ ᠲᠥᠪᠯᠡᠷᠡᠭᠦᠯᠦᠨ《ᠭᠤᠷᠪᠠ᠎ᠶᠢ ᠲᠥᠯᠥᠭᠡᠯᠡᠬᠦ》ᠴᠢᠬᠤᠯᠠ ᠦᠵᠡᠯ ᠰᠠᠨᠠᠭ᠎ᠠ᠎ᠶᠢ ᠪᠣᠶ ᠪᠤᠯᠭᠠᠵᠤ᠂ ᠮᠠᠨ᠎ᠤ ᠨᠠᠮ ᠢᠮᠠᠭᠲᠠ ᠳᠤᠮᠳᠠᠳᠤ ᠤᠯᠤᠰ᠎ᠤᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠱᠠᠭᠠᠷᠳᠠᠯᠭ᠎ᠠ᠎ᠶᠢ ᠲᠥᠯᠥᠭᠡᠯᠡᠵᠦ᠂ ᠳᠤᠮᠳᠠᠳᠤ ᠤᠯᠤᠰ᠎ᠤᠨ ᠲᠡᠷᠢᠭᠦᠨ᠎ᠦ ᠰᠣᠶᠣᠯ᠎ᠤᠨ ᠤᠷᠤᠭᠰᠢᠯᠠᠯᠲᠠ᠎ᠶᠢᠨ ᠴᠢᠭᠯᠡᠯ ᠎ᠢ ᠲᠥᠯᠥᠭᠡᠯᠡᠵᠦ᠂ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠲᠥᠯᠥᠭᠡᠯᠡᠬᠦ ᠵᠢ ᠴᠢᠬᠤᠯᠠᠴᠢᠯᠠᠵᠤ᠂ ᠨᠡᠢᠭᠡᠮ ᠵᠢᠷᠤᠮ ᠭᠡᠭᠴᠢ ᠶᠠᠭᠤ ᠪᠣᠯᠬᠤ᠂ ᠨᠡᠢᠭᠡᠮ ᠵᠢᠷᠤᠮ᠎ᠢ ᠬᠡᠷᠬᠢᠨ ᠪᠦᠲᠦᠭᠡᠨ ᠪᠠᠶ᠋ᠢᠭᠤᠯᠬᠤ ᠠᠰᠠᠭᠤᠳᠠᠯ᠎ᠢ ᠤᠯᠠᠮ ᠨᠢᠭᠡ ᠠᠯᠬᠤᠮ ᠬᠠᠷᠢᠭᠤᠯᠵᠤ᠂ ᠶᠠᠮᠠᠷ ᠶᠠᠩᠵᠤ᠎ᠶᠢᠨ ᠨᠠᠮ᠎ᠢ ᠪᠠᠶ᠋ᠢᠭᠤᠯᠬᠤ᠂ ᠨᠠᠮ᠎ᠢ ᠬᠡᠷᠬᠢᠨ ᠪᠠᠶ᠋ᠢᠭᠤᠯᠬᠤ ᠠᠰᠠᠭᠤᠳᠠᠯ᠎ᠢ ᠪᠦᠲᠦᠭᠡᠯᠴᠢ ᠴᠢᠨᠠᠷᠲᠠᠢ᠎ᠪᠠᠷ ᠬᠠᠷᠢᠭᠤᠯᠵᠤ᠂ ᠪᠢᠳᠡᠨ ᠎ᠦ ᠰᠢᠨ᠎ᠡ ᠴᠠᠭ ᠦᠶ᠎ᠡ᠎ᠶᠢᠨ ᠨᠥᠬᠥᠴᠡᠯ ᠳᠣᠣᠷ᠎ᠠ ᠳᠤᠮᠳᠠᠳᠤ ᠤᠯᠤᠰ ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠢ ᠠᠬᠢᠭᠤᠯᠬᠤ᠂ ᠨᠠᠮ ᠎ᠤᠨ ᠪᠠᠢᠭᠤᠯᠤᠯᠲᠠ ᠵᠢ ᠴᠢᠩᠭᠠᠳᠬᠠᠬᠤ ᠵᠢᠮ᠎ᠡ ᠶᠣᠰᠣᠨ᠎ᠤ ᠲᠤᠬᠠᠢ ᠲᠠᠨᠢᠯᠲᠠ ᠵᠢ ᠭᠦᠨᠵᠡᠭᠡᠢᠷᠡᠭᠦᠯᠪᠡ᠃ ᠲᠡᠷᠡ ᠪᠢᠳᠡᠨ᠎ᠢ ᠤᠳᠤᠷᠢᠳᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠬᠥᠲᠥᠯᠪᠦᠷᠢ᠎ᠶᠢ ᠲᠣᠭᠲᠠᠭᠠᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠠᠷᠠᠯᠲᠠ ᠪᠠ ᠦᠨᠳᠦᠰᠦᠨ ᠪᠣᠷᠣ᠌ ᠲᠥᠯᠥᠪ᠎ᠢ ᠲᠣᠭᠲᠠᠭᠠᠵᠤ᠂ ᠨᠡᠶ᠋ᠢᠲᠡ᠎ᠶᠢᠨ ᠥᠮᠴᠢᠯᠡᠯ᠎ᠢᠶᠡᠷ ᠭᠣᠣᠯ ᠴᠣᠭᠴᠠ ᠪᠣᠯᠭᠠᠭᠰᠠᠨ᠂ ᠤᠯᠠᠨ ᠲᠦᠷᠦᠯ᠎ᠦᠨ ᠥᠮᠴᠢᠯᠡᠯ᠎ᠦᠨ ᠠᠵᠤ ᠠᠬᠤᠢ᠎ᠶᠢ ᠬᠠᠮᠲᠤ᠎ᠪᠠᠷ ᠬᠥᠭᠵᠢᠭᠦᠯᠬᠦ ᠠᠵᠤ ᠠᠬᠤᠢ᠎ᠶᠢᠨ ᠦᠨᠳᠦᠰᠦᠨ ᠳᠦᠷᠢᠮ ᠪᠠ ᠬᠥᠳᠡᠯᠮᠦᠷᠢᠯᠡᠭᠰᠡᠨ᠎ᠦ ᠬᠢᠨᠢ ᠬᠢᠷᠢ᠎ᠪᠡᠷ ᠬᠤᠪᠢᠶᠠᠷᠢᠯᠠᠬᠤ᠎ᠪᠠᠷ ᠭᠣᠣᠯ ᠴᠣᠭᠴᠠ ᠪᠣᠯᠭᠠᠭᠰᠠᠨ᠂ ᠤᠯᠠᠨ ᠵᠦᠢᠯ᠎ᠦᠨ ᠬᠤᠪᠢᠶᠠᠷᠢᠯᠠᠯᠲᠠ᠎ᠶᠢᠨ ᠠᠷᠭ᠎ᠠ ᠮᠠᠶᠢᠭ᠋ ᠵᠡᠷᠭᠡᠴᠡᠨ ᠣᠷᠣᠰᠢᠭ᠍ᠰᠠᠨ ᠬᠤᠪᠢᠶᠠᠷᠢᠯᠠᠯᠲᠠ᠎ᠶᠢᠨ ᠳᠦᠷᠢᠮ᠎ᠢ ᠲᠣᠭᠲᠠᠭᠠᠵᠤ᠂ ᠠᠵᠤ ᠠᠬᠤᠢ᠎ᠶᠢᠨ ᠪᠠᠢᠭᠤᠯᠤᠯ᠂ ᠤᠯᠤᠰ ᠲᠦᠷᠦ᠎ᠶᠢᠨ ᠪᠠᠢᠭᠤᠯᠤᠯ᠂ ᠰᠣᠶᠣᠯ᠎ᠤᠨ ᠪᠠᠢᠭᠤᠯᠤᠯ ᠵᠡᠷᠭᠡ ᠡᠯ᠎ᠡ ᠲᠠᠯ᠎ᠠ᠎ᠶᠢᠨ ᠥᠭᠡᠷᠡᠴᠢᠯᠡᠯᠲᠡ᠎ᠶᠢ ᠠᠬᠢᠭᠤᠯᠪᠠ᠃ ᠲᠡᠷᠡ 《ᠣᠷᠣᠭᠤᠯᠵᠤ ᠠᠪᠴᠢᠷᠠᠬᠤ》 ᠪᠠ 《ᠭᠠᠳᠠᠭ᠍ᠰᠢ ᠭᠠᠷᠬᠤ》ᠵᠢ ᠤᠶᠠᠯᠳᠤᠭᠤᠯᠬᠤ᠎ᠶᠢ ᠪᠠᠷᠢᠮᠲᠠᠯᠠᠬᠤ ᠵᠢ ᠳᠤᠷᠠᠳᠤᠨ᠂ ᠨᠡᠭᠡᠭᠡᠯᠲᠡ᠎ᠪᠡᠷ ᠥᠭᠡᠷᠡᠴᠢᠯᠡᠯᠲᠡ᠎ᠶᠢ ᠠᠬᠢᠭᠤᠯᠤᠨ ᠬᠥᠭᠵᠢᠯᠲᠡ᠎ᠶᠢ ᠠᠬᠢᠭᠤᠯᠵᠤ᠂ ᠪᠢᠳᠡᠨ᠎ᠢ ᠤᠳᠤᠷᠢᠳᠤᠨ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠳᠤ ᠠᠮᠵᠢᠯᠲᠠ᠎ᠲᠠᠢ ᠣᠷᠣᠵᠤ᠂ ᠭᠠᠳᠠᠭ᠍ᠰᠢ ᠨᠡᠭᠡᠭᠡᠯᠲᠡ ᠬᠢᠬᠦ ᠰᠢᠨ᠎ᠡ ᠪᠠᠢᠷᠢᠰᠢᠯ᠎ᠢ ᠪᠦᠷᠢᠯᠳᠦᠭᠦᠯᠪᠡ᠃

ᠰᠢᠨ᠎ᠡ ᠠᠶᠠᠨ᠎ᠳᠤ᠂ ᠪᠢᠳᠡ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠰᠢᠨᠵᠢᠯᠡᠬᠦ ᠤᠬᠠᠭᠠᠨᠴᠢ᠎ᠪᠠᠷ ᠬᠠᠷᠢᠭᠤᠯᠲᠠ ᠥᠭᠴᠦ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠭᠡᠭᠡᠵᠦ᠂ ᠮᠠᠷᠺᠰ᠎ᠤᠨ ᠦᠵᠡᠯ᠎ᠦᠨ ᠦᠷᠨᠢᠬᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠮᠠᠭᠲᠠ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠤᠯᠤᠰ ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂ ᠪᠥᠬᠥ ᠨᠠᠮ ᠪᠥᠬᠥ ᠨᠡᠢᠭᠡᠮ᠎ᠦᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃

— ᠪᠢᠳᠡ ᠵᠢᠶᠠᠩ ᠽᠧ ᠮᠢᠨ ᠨᠥᠬᠥᠷ᠎ᠦᠨ  ᠠᠯᠤᠰ ᠬᠤᠯᠠ᠎ᠶᠢ ᠪᠣᠳᠣᠯᠬᠢᠯᠠᠭᠰᠠᠨ ᠪᠠᠢᠯᠳᠤᠬᠤ ᠪᠣᠳᠣᠯᠭ᠎ᠠ᠎ᠶᠢᠨ ᠰᠡᠳᠬᠢᠬᠦᠢ᠎ᠶᠢ ᠰᠤᠷᠤᠯᠴᠠᠬᠤ ᠬᠡᠷᠡᠭᠲᠡᠢ᠃ ᠵᠢᠶᠠᠩ ᠽᠧ ᠮᠢᠨ ᠨᠥᠬᠥᠷ᠎ᠠᠯᠤᠰ᠎ᠤᠨ ᠬᠠᠷᠠᠴᠠ ᠲᠠᠢ᠂ ᠴᠠᠭ᠎ᠤᠨ ᠪᠠᠢᠳᠠᠯ᠎ᠢ ᠰᠢᠨᠵᠢᠵᠦ᠂ ᠳᠤᠮᠳᠠᠳᠤ ᠤᠯᠤᠰ ᠪᠤᠯᠤᠨ ᠳᠡᠯᠡᠬᠡᠢ᠎ᠶᠢᠨ ᠬᠥᠭᠵᠢᠯᠲᠡ᠎ᠶᠢᠨ ᠶᠡᠬᠡ ᠬᠠᠨᠳᠤᠰᠢ᠂ ᠨᠠᠮ ᠪᠤᠯᠤᠨ ᠤᠯᠤᠰ᠎ᠤᠨ ᠠᠵᠢᠯ᠎ᠤᠨ ᠪᠦᠬᠦ ᠲᠠᠯ᠎ᠠ᠎ᠡᠴᠡ ᠡᠭᠦᠰᠴᠤ ᠠᠰᠠᠭᠤᠳᠠᠯ᠎ᠢ ᠠᠵᠢᠭ᠍ᠯᠠᠨ ᠪᠣᠳᠣᠯᠬᠢᠯᠠᠬᠤ᠎ᠳᠠᠭᠠᠨ ᠴᠢᠳᠠᠮᠠᠭᠠᠢ ᠪᠠᠢᠵᠤ᠂ ᠳᠡᠯᠡᠬᠡᠢ᠎ᠳᠤ ᠬᠠᠨᠳᠤᠭᠤᠯᠤᠭᠰᠠᠨ᠂ ᠢᠷᠡᠭᠡᠳᠦᠢ ᠳ᠋ᠦ ᠬᠠᠨᠳᠤᠭᠤᠯᠤᠭᠰᠠᠨ ᠠᠯᠢ ᠤᠯᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠂ ᠴᠢᠬᠤᠯᠠ ᠠᠷᠭ᠎ᠠ ᠬᠡᠮᠵᠢᠶ᠎ᠡ᠎ᠪᠡᠷ ᠨᠠᠮ ᠪᠤᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠲᠦᠯᠬᠢᠨ ᠠᠬᠢᠭᠤᠯᠪᠠ᠃ ᠲᠡᠷᠡ᠄ 《ᠪᠦᠬᠦ ᠨᠠᠮ᠎ᠤᠨ ᠨᠥᠬᠥᠳ ᠵᠠᠪᠠᠯ ᠮᠠᠷᠺᠰ᠎ᠤᠨ ᠦᠵᠡᠯ᠎ᠦᠨ ᠠᠭᠤᠳᠠᠮ ᠬᠠᠷᠡᠴᠡ᠎ᠪᠠᠷ ᠳᠡᠯᠡᠬᠡᠢ ᠶᠢᠷᠲᠢᠨᠴᠦ᠎ᠶᠢ ᠠᠵᠢᠭ᠍ᠯᠠᠬᠤ ᠬᠡᠷᠡᠭᠲᠡᠢ᠃ ᠠᠭᠤᠳᠠᠮ ᠬᠠᠷᠡᠴᠡ ᠭᠡᠳᠡᠭ ᠨᠢ ᠨᠢᠭᠡ᠎ᠳᠦ ᠲᠡᠦᠬᠡ᠎ᠶᠢᠨ ᠠᠯᠤᠰ ᠭᠡᠳᠦ᠎ᠶᠢᠨ ᠬᠠᠷᠡᠴᠡ᠎ᠲᠠᠢ ᠪᠠᠢᠬᠤ ᠬᠡᠷᠡᠭᠲᠡᠢ᠂ ᠬᠣᠶᠠᠷ᠎ᠲᠤ ᠳᠡᠯᠡᠬᠡᠢ᠎ᠶᠢᠨ ᠪᠦᠬᠦ ᠲᠠᠯ᠎ᠠ᠎ᠶᠢᠨ ᠬᠠᠷᠡᠴᠡ᠎ᠲᠠᠢ ᠪᠠᠢᠬᠤ ᠬᠡᠷᠡᠭᠲᠡᠢ》᠃《ᠮᠠᠨ᠎ᠤ ᠤᠯᠤᠰ᠎ᠤᠨ ᠨᠡᠢᠭᠡᠮ ᠪᠣᠯᠣᠨ ᠣᠳᠣᠬᠠᠨ᠎ᠤ ᠳᠡᠯᠡᠬᠡᠢ ᠶᠢᠷᠲᠢᠨᠴᠦ᠎ᠳᠦ ᠡᠭᠦᠰᠦᠭᠰᠡᠨ ᠴᠢᠬᠤᠯᠠ ᠶᠡᠬᠡ ᠬᠤᠪᠢᠷᠠᠯᠲᠠ᠎ᠶᠢ ᠵᠥᠪ᠎ᠢᠶᠡᠷ ᠲᠠᠨᠢᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠪᠣᠯᠣᠨ ᠠᠷᠠᠳ ᠤᠯᠠᠨ᠎ᠤ ᠠᠵᠢᠯ ᠠᠮᠢᠳᠤᠷᠠᠯ᠎ᠤᠨ ᠨᠥᠬᠥᠴᠡᠯ ᠪᠣᠯᠣᠨ ᠨᠡᠢᠭᠡᠮ᠎ᠦᠨ ᠣᠷᠴᠢᠨ ᠨᠥᠬᠥᠴᠡᠯ᠎ᠳᠦ ᠭᠠᠷᠤᠭᠰᠠᠨ ᠴᠢᠬᠤᠯᠠ ᠶᠡᠬᠡ ᠬᠤᠪᠢᠷᠠᠯᠲᠠ᠎ᠶᠢ ᠵᠥᠪ᠎ᠢᠶᠡᠷ ᠲᠠᠨᠢᠵᠤ᠂ ᠡᠳᠡᠭᠡᠷ ᠬᠤᠪᠢᠷᠠᠯᠲᠠ᠎ᠶᠢᠨ ᠮᠠᠨ᠎ᠤ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠳᠤᠷᠠᠳᠤᠭᠰᠠᠨ ᠰᠢᠨ᠎ᠡ ᠡᠭᠦᠷᠭᠡ᠂ ᠰᠢᠨ᠎ᠡ ᠰᠡᠳᠦᠪ᠂ ᠰᠢᠨ᠎ᠡ ᠥᠷᠢᠰᠦᠯᠳᠦᠭᠡᠨ᠎ᠢ ᠵᠥᠪ᠎ᠢᠶᠡᠷ ᠲᠠᠨᠢᠵᠤ᠂ ᠪᠦᠬᠦ ᠲᠠᠯ᠎ᠠ᠎ᠶᠢᠨ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠠᠯᠤᠰ ᠬᠡᠳᠦ ᠵᠢᠨ ᠴᠢᠨᠠᠷᠲᠠᠢ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠤᠨ ᠲᠤᠬᠠᠢ ᠰᠤᠳᠤᠯᠭᠠᠨ᠎ᠢ ᠴᠢᠩᠭᠠᠳᠬᠠᠬᠤ ᠬᠡᠷᠡᠭᠲᠡᠢ》ᠭᠡᠵᠦ ᠴᠢᠬᠤᠯᠠᠴᠢᠯᠠᠪᠠ᠃ ᠲᠡᠷᠡ ᠬᠣᠷᠢᠨ ᠨᠢᠭᠡᠳᠦᠭᠡᠷ ᠵᠠᠭᠤᠨ᠎ᠤ ᠲᠦᠷᠦᠭᠦᠴᠢ᠎ᠶᠢᠨ 20 ᠵᠢᠯ ᠪᠣᠯ ᠮᠠᠨ᠎ᠤ ᠤᠯᠤᠰ᠎ᠤᠨ ᠡᠷᠬᠡᠪᠰᠢ ᠴᠢᠩᠭ᠎ᠠ ᠠᠳᠬᠤᠬᠤ ᠬᠡᠷᠡᠭᠲᠡᠢ ᠪᠥᠭᠡᠳ ᠶᠡᠬᠡ ᠦᠢᠯᠡᠰ᠎ᠢ ᠪᠦᠲᠦᠭᠡᠵᠦ ᠪᠣᠯᠬᠤ ᠪᠠᠢᠯᠳᠤᠬᠤ ᠪᠣᠳᠣᠯᠭ᠎ᠠ᠎ᠶᠢᠨ ᠴᠢᠬᠤᠯᠠ ᠠᠵᠠ ᠲᠣᠬᠢᠶᠠᠯ᠎ᠤᠨ ᠬᠤᠭᠤᠴᠠᠭ᠎ᠠ ᠮᠥᠨ ᠭᠡᠬᠦ ᠡᠨᠡ ᠬᠦ᠌ ᠴᠢᠬᠤᠯᠠ ᠶᠡᠬᠡ ᠮᠠᠭᠠᠳᠯᠠᠯᠲᠠ᠎ᠡᠴᠡ ᠡᠭᠦᠰᠴᠦ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠭᠤᠷᠪᠠᠳᠤᠭᠠᠷ ᠠᠯᠬᠤᠮ᠎ᠤᠨ ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠠᠯᠤᠰ ᠬᠡᠳᠦ ᠵᠢᠨ ᠴᠢᠨᠠᠷᠲᠠᠢ ᠤᠷᠢᠳᠴᠢᠯᠠᠨ ᠲᠦᠰᠦᠪᠯᠡᠯᠳᠡ ᠬᠢᠪᠡ ; ᠠᠵᠠ ᠲᠣᠬᠢᠶᠠᠯ᠎ᠢ ᠠᠮᠵᠢᠬᠤ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠨᠡᠭᠡᠭᠡᠯᠲᠡ᠎ᠶᠢ ᠥᠷᠭᠡᠳᠬᠡᠬᠦ᠂ ᠬᠥᠭᠵᠢᠯᠲᠡ᠎ᠶᠢ ᠠᠬᠢᠭᠤᠯᠬᠤ᠂ ᠲᠣᠭᠲᠠᠭᠤᠨ᠎ᠢ ᠪᠠᠲᠤᠯᠠᠬᠤ ᠦᠨᠳᠦᠰᠦᠨ ᠴᠢᠭᠯᠡᠯᠲᠡ᠎ᠶᠢ ᠳᠤᠷᠠᠳᠴᠦ᠂ ᠨᠡᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢᠨ ᠳᠤᠮᠳᠠᠬᠢ ᠠᠷᠪᠠᠨ ᠬᠣᠶᠠᠷ ᠴᠢᠬᠤᠯᠠ ᠶᠡᠬᠡ ᠬᠠᠷᠢᠴᠠᠭ᠎ᠠ᠎ᠶᠢ ᠵᠥᠪ᠎ᠢᠶᠡᠷ ᠰᠢᠢᠳᠪᠦᠷᠢᠯᠡᠬᠦ ᠵᠢ ᠪᠦᠬᠦ ᠲᠠᠯ᠎ᠠ᠎ᠪᠠᠷ ᠲᠣᠳᠣᠷᠬᠠᠢᠯᠠᠨ ᠥᠭᠦᠯᠡᠪᠡ; ᠬᠥᠭᠵᠢᠯᠲᠡ᠎ᠶᠢ ᠨᠠᠮ᠎ᠤᠨ ᠲᠦᠷᠦ ᠪᠠᠷᠢᠵᠤ ᠤᠯᠤᠰ᠎ᠢᠶᠠᠨ ᠮᠠᠨᠳᠤᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ᠎ᠶᠢ ᠪᠠᠷᠢᠮᠲᠠᠯᠠᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ᠋ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ ᠪᠦᠲᠦᠭᠡᠨ ᠪᠠᠢᠭᠤᠯᠤᠯᠲᠠ ᠬᠢᠵᠦ᠂ ᠨᠢᠭᠡ ᠰᠡᠳᠬᠢᠯ ᠨᠢᠭᠡ ᠵᠣᠷᠢᠭ᠋᠎ᠢᠶᠠᠷ ᠭᠦᠭᠵᠢᠯᠲᠡ ᠵᠢ ᠡᠷᠢᠯᠬᠢᠯᠡᠬᠦ ᠵᠢ ᠬᠥᠲᠥᠯᠥᠨ ᠳᠠᠭᠠᠭᠤᠯᠪᠠ; ᠪᠢᠳᠡᠨ᠎ᠢ ᠤᠳᠤᠷᠢᠳᠤᠨ ᠨᠡᠢᠭᠡᠮ ᠵᠢᠷᠤᠮ᠎ᠤᠨ ᠠᠷᠠᠳᠴᠢᠯᠠᠯ᠎ᠤᠨ ᠤᠯᠤᠰ ᠲᠦᠷᠦ᠎ᠶᠢ ᠢᠳᠡᠪᠬᠢᠲᠡᠢ ᠬᠥᠭᠵᠢᠭᠦᠯᠵᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ ᠦᠨᠳᠦᠰᠦᠨ ᠪᠣᠳᠣᠯᠭ᠎ᠠ᠎ᠶᠢ ᠬᠡᠷᠡᠭᠵᠢᠭᠦᠯᠵᠦ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠬᠥᠭᠵᠢᠭᠦᠯᠪᠡ; ᠰᠢᠨ᠎ᠡ ᠴᠠᠭ ᠦᠶ᠎ᠡ᠎ᠶᠢᠨ ᠴᠡᠷᠢᠭ᠎ᠦᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠎ᠶᠢ ᠡᠷᠬᠢᠯᠡᠨ ᠲᠣᠭᠲᠠᠭᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠴᠡᠷᠢᠭ᠎ᠦᠨ ᠶᠠᠪᠤᠳᠠᠯ᠎ᠤᠨ ᠬᠤᠪᠢᠰᠤᠯᠲᠠ᠎ᠶᠢ ᠠᠬᠢᠭᠤᠯᠵᠤ᠂ ᠠᠷᠠᠳ᠎ᠤᠨ ᠴᠡᠷᠢᠭ ᠠᠩᠭᠢ᠎ᠶᠢᠨ ᠬᠤᠪᠢᠰᠬᠠᠯᠵᠢᠬᠤ᠂ ᠣᠳᠣᠬᠢᠴᠢᠯᠠᠬᠤ᠂ ᠵᠢᠩᠬᠢᠨᠢᠴᠢᠯᠡᠬᠦ ᠪᠠᠢᠭᠤᠯᠤᠯᠲᠠ᠎ᠶᠢ ᠴᠢᠩᠭᠠᠳᠬᠠᠪᠠ; ᠰᠢᠶᠠᠩᠭᠠᠩ᠂ ᠣᠣᠮᠧᠨ᠎ᠦ ᠤᠷᠤᠭᠰᠢᠲᠠᠢ ᠪᠤᠴᠠᠵᠤ ᠢᠷᠡᠬᠦ᠎ᠶᠢ ᠤᠳᠤᠷᠢᠳᠤᠨ ᠪᠡᠶᠡᠯᠡᠭᠦᠯᠵᠦ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠬᠤᠶᠠᠷ ᠲᠠᠯ᠎ᠠ ᠪᠡᠷ ᠵᠢᠡᠨ ᠲᠤᠭᠲᠠᠭᠰᠠᠨ ᠨᠢᠭᠡ  ᠳᠤᠮᠳᠠᠳᠤ ᠤᠯᠤᠰ ᠪᠠᠢᠬᠤ ᠵᠠᠷᠴᠢᠮ᠎ᠢ ᠬᠠᠷᠠᠭᠤᠯᠤᠭᠰᠠᠨ《ᠶᠡᠷᠡᠨ ᠬᠣᠶᠠᠷ ᠣᠨ᠎ᠤ ᠬᠠᠮᠲᠤ᠎ᠶᠢᠨ ᠲᠠᠨᠢᠯᠲᠠ》ᠵᠢ ᠲᠦᠯᠬᠢᠨ ᠠᠬᠢᠭᠤᠯᠵᠤ᠂ ᠬᠠᠭᠠᠴᠠᠭᠤᠯᠬᠤ᠎ᠶᠢ ᠡᠰᠡᠷᠭᠦᠴᠡᠬᠦ᠂《ᠲᠠᠢᠸᠠᠨ᠎ᠢ ᠲᠤᠰᠠᠭᠠᠷ ᠲᠣᠭᠲᠠᠨᠢᠭᠤᠯᠬᠤ》ᠶ᠋ᠢ ᠡᠰᠡᠷᠭᠦᠴᠡᠬᠦ ᠴᠢᠬᠤᠯᠠ ᠶᠡᠬᠡ ᠲᠡᠮᠡᠴᠡᠯ᠎ᠢ ᠬᠦᠴᠦᠲᠡᠢ ᠥᠷᠨᠢᠭᠦᠯᠪᠡ; ᠭᠠᠳᠠᠭᠠᠳᠤ ᠬᠠᠷᠢᠯᠴᠠᠭ᠎ᠠ ᠪᠠ ᠤᠯᠠᠨ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠠᠯᠢ ᠤᠯᠠᠨ ᠦᠵᠡᠯ ᠰᠠᠨᠠᠭ᠎ᠠ᠎ᠶᠢ ᠳᠤᠷᠠᠳᠴᠦ᠂ ᠳᠡᠯᠡᠬᠡᠢ᠎ᠶᠢᠨ ᠤᠯᠠᠨ ᠲᠤᠢᠯᠵᠢᠯᠲᠠ ᠪᠠ ᠠᠵᠤ ᠠᠬᠤᠢ᠎ᠶᠢᠨ ᠳᠡᠯᠡᠬᠡᠢᠵᠢᠯᠲᠡ᠎ᠶᠢᠨ ᠵᠥᠪ ᠴᠢᠭᠯᠡᠯ᠎ᠢᠶᠡᠷ ᠬᠥᠭᠵᠢᠬᠦ᠎ᠶᠢ ᠲᠦᠯᠬᠢᠨ ᠠᠬᠢᠭᠤᠯᠪᠠ᠃

ᠰᠢᠨ᠎ᠡ ᠠᠶᠠᠨ᠎ᠳᠦ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠦᠬᠦ ᠲᠠᠯ᠎ᠠ ᠪᠠ ᠳᠡᠯᠡᠬᠡᠢ᠎ᠶᠢᠨ ᠵᠠᠭᠤᠨ ᠵᠢᠯ᠎ᠳᠦ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢ ᠨᠢᠭᠡᠳᠦᠯᠲᠡᠢ ᠲᠥᠯᠥᠪᠵᠢᠭᠦᠯᠵᠤ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠵᠡᠭᠦᠳᠦ᠎ᠶᠢ ᠶᠡᠷᠦᠩᠬᠡᠢᠯᠡᠨ ᠵᠢᠯᠤᠭᠣᠳᠴᠤ᠂ 《ᠲᠠᠪᠤ ᠎ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠢᠷᠢᠰᠢᠭᠤᠯᠤᠯᠲᠠ ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠬᠦ ᠲᠠᠯ᠎ᠠ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠵᠣᠬᠢᠴᠠᠩᠭᠤᠢ ᠠᠬᠢᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠲᠡᠢ᠃ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ᠂ ᠬᠠᠮᠲᠤ᠎ᠶᠢᠨ ᠬᠥᠭᠵᠢᠯᠲᠡ᠎ᠶᠢ ᠠᠬᠢᠭᠤᠯᠬᠤ ᠭᠠᠳᠠᠭᠠᠳᠤ ᠬᠠᠷᠢᠯᠴᠠᠭᠠᠨ᠎ᠤ ᠲᠦᠷᠦ᠎ᠶᠢᠨ ᠪᠣᠳᠣᠯᠭ᠎ᠠ᠎ᠶᠢᠨ ᠵᠣᠷᠢᠯᠲᠠ᠎ᠶᠢ ᠪᠠᠷᠢᠮᠲᠠᠯᠠᠵᠤ᠂ ᠪᠦᠬᠦ ᠪᠥᠮᠪᠥᠷᠴᠡᠭ ᠎ᠦᠨ ᠬᠥᠭᠵᠢᠯᠲᠡ ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠠᠮᠤᠷ ᠲᠦᠪᠰᠢᠨ ᠎ᠦ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠪᠣᠯᠪᠠᠰᠤᠨ ᠎ᠤ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠬᠤ᠎ᠶᠢ ᠲᠦᠯᠬᠢᠨ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠲᠦᠯᠬᠢᠨ ᠠᠬᠢᠭᠤᠯᠵᠤ᠂ ᠳᠡᠯᠡᠬᠡᠢ᠎ᠶᠢᠨ ᠡᠩᠬᠡ ᠲᠠᠢᠪᠤᠩ ᠪᠠ ᠬᠥᠭᠵᠢᠯᠲᠡ᠎ᠳᠦ ᠨᠡᠩ ᠤᠯᠠᠨ ᠢᠳᠡᠪᠬᠢ ᠬᠦᠴᠦᠨ ᠨᠡᠮᠡᠷᠢᠯᠡᠬᠦ ᠬᠡᠷᠡᠭᠲᠡᠢ᠃     — ᠪᠢᠳᠡ ᠵᠢᠶᠠᠩ ᠽᠧ ᠮᠢᠨ ᠨᠥᠬᠥᠷ᠎ᠦᠨ ᠡᠷᠡᠰ ᠬᠠᠲᠠᠭᠤ ᠡᠷᠡᠰ ᠰᠢᠭᠤᠷᠬᠠᠢ ᠶᠡᠷᠦ ᠪᠤᠰᠤ᠎ᠶᠢᠨ ᠪᠠᠭᠠᠲᠤᠷ ᠪᠤᠳᠤᠯᠭ᠎ᠠ ᠵᠢ ᠰᠤᠷᠤᠯᠴᠠᠬᠤ ᠬᠡᠷᠡᠭᠲᠡᠢ᠃ ᠵᠢᠶᠠᠩ ᠽᠧ ᠮᠢᠨ ᠨᠥᠬᠥᠷ ᠴᠢᠬᠤᠯᠠ ᠶᠡᠬᠡ ᠲᠡᠦᠬᠡ᠎ᠶᠢᠨ ᠬᠦᠨᠳᠦ ᠴᠢᠬᠤᠯᠠ ᠦᠶ᠎ᠡ ᠪᠠ ᠵᠠᠩᠭᠢᠯᠠᠭ᠎ᠠ᠎ᠶᠢᠨ ᠦᠶ᠎ᠡ᠎ᠳᠦ ᠵᠣᠷᠢᠭ᠍ᠲᠠᠢ᠎ᠪᠠᠷ ᠡᠷᠡᠰ ᠰᠢᠭᠤᠷᠬᠠᠢ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠎ᠢ ᠯᠠᠪᠳᠠᠭᠤᠨ ᠠᠷᠭᠠᠴᠠᠭᠠᠵᠤ᠂ ᠬᠦᠴᠢᠷ ᠪᠡᠷᠬᠡᠰᠢᠶᠡᠯ ᠬᠠᠷᠰᠢ ᠰᠠᠭᠠᠳ ᠎ᠢ ᠡᠷᠡᠰ ᠢᠯᠠᠨ ᠳᠠᠪᠠᠵᠤ᠂ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠥᠷᠭᠡᠨ ᠠᠭᠤᠳᠠᠮ ᠣᠷᠣᠨ ᠵᠠᠢ᠎ᠶᠢ ᠨᠡᠭᠡᠭᠡᠨ᠂ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠤᠯᠭᠠᠪᠠ᠃ ᠲᠡᠷᠡ᠄《ᠣᠳᠣᠬᠢᠴᠢᠯᠠᠯᠲᠠ᠎ᠶᠢᠨ ᠦᠢᠯᠡᠰ᠎ᠢ ᠠᠮᠵᠢᠯᠲᠠ᠎ᠲᠠᠢ ᠬᠢᠬᠦ᠎ᠳᠦ ᠡᠷᠬᠡᠪᠰᠢ ᠬᠦᠴᠢᠷ ᠪᠡᠷᠬᠡᠰᠢᠶᠡᠯ᠎ᠡᠴᠡ ᠠᠶᠤᠬᠤ ᠦᠭᠡᠢ᠂ ᠡᠷᠡᠯᠬᠡᠭᠯᠡᠨ ᠲᠡᠮᠡᠴᠡᠬᠦ ᠪᠣᠯᠣᠳ ᠲᠡᠮᠦᠷ ᠮᠡᠲᠦ ᠰᠥᠰᠥ ᠵᠣᠷᠢᠭ᠋ ᠲᠠᠢ ᠪᠠᠢᠵᠤ ᠂  ᠰᠢᠨᠲᠠᠷᠠᠰᠢ ᠦᠭᠡᠢ᠂ ᠵᠣᠷᠢᠭ᠍ᠲᠠᠢ᠎ᠪᠠᠷ ᠢᠯᠠᠯᠲᠠ ᠣᠯᠬᠤ ᠡᠷᠡᠯᠬᠡᠭ ᠪᠠᠭᠠᠲᠤᠷᠯᠢᠭ᠋ ᠴᠤᠭ ᠰᠦᠯᠳᠡ᠎ᠲᠠᠢ ᠪᠠᠢᠬᠤ ᠬᠡᠷᠡᠭᠲᠡᠢ》᠃ 《ᠨᠠᠮ᠎ᠤᠨ ᠱᠤᠭᠤᠮ ᠴᠢᠭᠯᠡᠯᠲᠡ ᠲᠥᠷᠥ᠎ᠶᠢᠨ ᠪᠣᠳᠣᠯᠭ᠎ᠠ ᠪᠣᠯᠣᠨ ᠲᠥᠪ ᠬᠣᠷᠢᠶ᠎ᠡ ᠵᠢᠨ ᠱᠠᠭᠠᠷᠳᠠᠯᠭ᠎ᠠ᠎ᠳᠤ ᠨᠡᠢᠴᠡᠭᠰᠡᠨ ᠤᠴᠢᠷ ᠶᠠᠪᠤᠳᠠᠯ᠎ᠳᠦ  ᠵᠦᠪ ᠤᠨᠤᠪᠴᠢᠲᠠᠢ ᠦᠵᠡᠵᠤ ᠲᠤᠭᠲᠠᠭᠰᠠᠨ ᠪᠠᠢᠪᠠᠯ ᠡᠷᠡᠰ ᠰᠢᠭᠤᠷᠬᠠᠢ ᠰᠢᠢᠳᠪᠦᠷᠢᠲᠦ ᠪᠣᠳᠣᠯᠭ᠎ᠠ ᠠᠪᠴᠦ᠂ ᠪᠤᠰᠢᠭᠤ ᠱᠠᠯᠠᠮᠠᠭᠠᠢ ᠬᠢᠬᠦ ᠬᠡᠷᠡᠭᠲᠡᠢ᠂ ᠶᠠᠭᠠᠬᠢᠭ᠍ᠰᠠᠨ ᠴᠤ᠌ ᠡᠷᠡᠭᠡᠯᠵᠡᠨ ᠲᠠᠳᠠᠭᠠᠯᠵᠠᠵᠤ᠂ ᠴᠠᠭ ᠲᠣᠬᠢᠶᠠᠯ᠎ᠢ ᠰᠠᠭᠠᠲᠠᠭᠠᠵᠤ ᠪᠣᠯᠬᠤ ᠦᠭᠡᠢ》ᠭᠡᠵᠤ ᠵᠢᠭᠠᠵᠤ ᠭᠠᠷᠭᠠᠪᠠ᠃ ᠲᠡᠷᠡ ᠮᠠᠰᠢ ᠴᠢᠩᠭ᠎ᠠ ᠲᠡᠦᠬᠡᠨ ᠡᠭᠦᠷᠭᠡᠯᠡᠯ ᠪᠠ ᠠᠤᠭ᠎ᠠ ᠶᠡᠬᠡ ᠤᠯᠤᠰ ᠲᠥᠷᠥ᠎ᠶᠢᠨ ᠰᠥᠰᠥ ᠵᠣᠷᠢᠭ᠋᠎ᠢᠶᠠᠷ  ᠪᠢᠳᠡᠨ᠎ᠢ ᠤᠳᠤᠷᠢᠳᠤᠨ ᠤᠯᠤᠰ᠎ᠤᠨ ᠤᠯᠤᠰ ᠲᠥᠷᠥ᠎ᠶᠢᠨ ᠶᠡᠬᠡ ᠲᠠᠯ᠎ᠠ᠎ᠶᠢᠨ ᠲᠣᠭᠲᠠᠭᠤᠨ᠎ᠢ ᠰᠦᠷᠳᠡᠭᠦᠯᠵᠦ ᠪᠠᠢᠭ᠎ᠠ ᠬᠦᠨᠳᠦ ᠶᠡᠬᠡ ᠭᠡᠮ ᠰᠤᠭᠤᠭ᠎ᠢ ᠵᠣᠬᠢᠰᠲᠠᠢ ᠰᠢᠢᠳᠪᠦᠷᠢᠯᠡᠵᠦ᠂ ᠮᠠᠨ᠎ᠤ ᠤᠯᠤᠰ᠎ᠤᠨ ᠡᠷᠬᠡ ᠮᠡᠳᠡᠯ ᠪᠠ ᠠᠮᠤᠷ ᠲᠦᠪᠰᠢᠨ᠎ᠳᠦ ᠬᠣᠯᠪᠣᠭᠳᠠᠬᠤ ᠠᠯᠢ ᠣᠯᠠᠨ ᠳᠡᠯᠡᠬᠡᠢ ᠵᠢᠨ ᠭᠡᠨᠡᠳᠲᠡ᠎ᠶᠢᠨ ᠬᠡᠷᠡᠭ᠎ᠢ ᠯᠠᠪᠳᠠᠭᠤᠨ ᠠᠷᠭᠠᠴᠠᠭᠠᠵᠤ᠂ ᠤᠯᠤᠰ ᠲᠥᠷᠥ᠂ ᠠᠵᠤ ᠠᠬᠤᠢ᠎ᠶᠢᠨ ᠬᠦᠷᠢᠶ᠎ᠡ ᠪᠡ ᠪᠠᠢᠭᠠᠯᠢ ᠶᠢᠷᠲᠢᠨᠴᠦ᠎ᠳᠦ ᠲᠤᠯᠭᠠᠷᠠᠭᠰᠠᠨ ᠬᠦᠴᠢᠷ ᠪᠡᠷᠬᠡᠰᠢᠶᠡᠯ ᠪᠣᠯᠣᠨ ᠠᠶᠤᠯ ᠲᠦᠭᠰᠢᠭᠦᠷᠢ᠎ᠶᠢ ᠢᠯᠠᠨ ᠳᠠᠪᠠᠵᠤ᠂ ᠢᠯᠠᠩᠭᠤᠶ᠎ᠠ ᠠᠽᠢᠶ᠎ᠠ ᠲᠢᠪ᠎ᠦᠨ ᠮᠥᠩᠭᠥᠨ ᠭᠦᠢᠯᠭᠡᠭᠡᠨ᠎ᠦ ᠬᠢᠮᠤᠷᠠᠯ᠎ᠤᠨ ᠳᠠᠭᠠᠷᠢᠯᠲᠠ᠎ᠶᠢ ᠠᠮᠵᠢᠯᠲᠠ᠎ᠲᠠᠢ ᠡᠰᠡᠷᠭᠦᠴᠡᠨ ᠬᠣᠷᠢᠭ᠍ᠯᠠᠵᠤ᠂ 1998 ᠣᠨ᠎ᠤ ᠦᠶᠡᠷ᠎ᠲᠠᠢ ᠲᠡᠮᠡᠴᠡᠨ ᠠᠶᠤᠯ᠎ᠡᠴᠡ ᠠᠪᠤᠷᠠᠬᠤ ᠲᠡᠮᠡᠴᠡᠯ᠎ᠦᠨ ᠪᠦᠬᠦ ᠲᠠᠯ᠎ᠠ᠎ᠶᠢᠨ ᠢᠯᠠᠯᠲᠠ᠎ᠶᠢ ᠲᠡᠮᠡᠴᠡᠨ ᠣᠯᠵᠤ᠂ ᠤᠳᠠᠭ᠎ᠠ ᠲᠠᠷᠠᠭ᠎ᠠ᠎ᠶᠢᠨ ᠰᠢᠯᠭᠠᠯᠲᠠ᠎ᠶᠢ ᠳᠠᠭᠠᠭᠠᠵᠤ᠂ ᠡᠯᠳᠡᠪ ᠵᠦᠢᠯ᠎ᠤᠨ ᠬᠠᠷᠰᠢ ᠰᠠᠭᠠᠳ᠎ᠢ ᠠᠷᠢᠯᠭᠠᠵᠤ᠂ ᠨᠡᠢᠭᠡᠮ ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠪᠠᠲᠤᠯᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢᠨ ᠣᠩᠭᠣᠴᠠ᠎ᠶᠢᠨ ᠳᠠᠪᠠᠯᠭᠠᠨ ᠰᠦᠷᠦᠨ ᠤᠷᠤᠭᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠬᠤ᠎ᠶᠢ ᠪᠠᠲᠤᠯᠠᠪᠠ᠃

ᠰᠢᠨ᠎ᠡ ᠠᠶᠠᠨ ᠎ᠳᠦ ᠪᠢᠳᠡ ᠰᠠᠨᠠᠭᠠᠰᠢᠷᠠᠬᠤ ᠤᠬᠠᠮᠰᠠᠷ᠎ᠢᠶᠠᠨ ᠴᠢᠩᠭᠠᠳᠬᠠᠵᠤ᠂ ᠬᠣᠷᠢᠭ᠎ᠠ ᠱᠤᠭᠤᠮ ᠎ᠤᠨ ᠰᠡᠳᠬᠢᠬᠦᠢ᠎ᠶᠢ ᠪᠤᠢ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠡᠷᠡᠰ ᠬᠠᠲᠠᠭᠤ ᠲᠡᠮᠡᠴᠡᠯ ᠎ᠦᠨ ᠵᠣᠷᠢᠭ᠋ ᠰᠠᠨᠠᠭ᠎ᠠ᠂ ᠭᠠᠷᠮᠠᠭᠠᠢ ᠲᠡᠮᠡᠴᠡᠯ᠎ᠦᠨ ᠴᠢᠳᠠᠪᠤᠷᠢ᠎ᠪᠠᠷ ᠶᠡᠬᠡ ᠰᠠᠯᠬᠢ ᠰᠢᠷᠦᠭᠦᠨ ᠤᠷᠤᠰᠬᠠᠯ ᠴᠢᠨᠠᠭᠰᠢᠯᠠᠪᠠᠯ  ᠲᠤᠭᠰᠢᠨ ᠲᠠᠪᠠᠯᠭᠠᠨ ᠰᠢᠷᠦᠭᠦᠨ ᠲᠤᠯᠬᠢᠶᠠᠨ᠎ᠤ ᠰᠢᠯᠭᠠᠯᠲᠠ᠎ᠶᠢ ᠢᠳᠡᠪᠬᠢᠲᠡᠢ ᠠᠷᠭᠠᠴᠠᠭᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠶᠢ ᠡᠷᠡᠰ ᠬᠠᠮᠠᠭᠠᠯᠠᠵᠤ᠂ ᠠᠵᠤ ᠠᠬᠤᠢ᠎ᠶᠢᠨ ᠲᠦᠷᠭᠡᠨ ᠬᠥᠭᠵᠢᠯᠲᠡ ᠪᠠ ᠨᠡᠢᠭᠡᠮ᠎ᠦᠨ ᠤᠷᠳᠤ ᠬᠤᠭᠤᠴᠠᠭᠠᠨ᠎ᠤ ᠲᠣᠭᠲᠠᠭᠤᠨ ᠭᠡᠬᠦ ᠬᠣᠶᠠᠷ ᠶᠡᠬᠡ ᠭᠠᠢᠬᠠᠮᠰᠢᠭ᠍ᠲᠤ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ ᠬᠡᠷᠡᠭᠲᠡᠢ᠃

ᠨᠥᠬᠥᠳ ᠠ᠋᠂ ᠨᠠᠢᠵᠠ ᠨᠠᠷ ᠡ!

ᠵᠢᠶᠠᠩ ᠽᠧ ᠮᠢᠨ ᠨᠥᠬᠥᠷ ᠥᠩᠭᠡᠷᠡᠭᠰᠡᠨ᠎ᠳᠦ᠄《ᠰᠢᠨ᠎ᠡ ᠵᠠᠭᠤᠨ᠎ᠳᠤ  ᠳᠤᠮᠳᠠᠳᠤ ᠤᠯᠤᠰ᠎ᠤᠨ ᠠᠷᠠᠳ ᠲᠦᠮᠡᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠦᠲᠦᠭᠡᠨ ᠪᠠᠶ᠋ᠢᠭᠤᠯᠬᠤ ᠵᠠᠮ᠎ᠢᠶᠠᠷ ᠡᠷᠡᠰ ᠭᠤᠢᠪᠢᠰᠢ ᠦᠭᠡᠢ ᠦᠷᠭᠦᠯᠵᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ ᠲᠠᠰᠤᠷᠠᠯᠳᠠ ᠦᠭᠡᠢ ᠥᠭᠡᠷᠡᠴᠢᠯᠡᠯᠲᠡ ᠬᠢᠬᠦ᠎ᠪᠡᠷ ᠲᠠᠮᠵᠢᠨ ᠤᠯᠠᠮ ᠪᠡᠬᠢᠵᠢᠨ ᠲᠡᠭᠦᠯᠳᠡᠷᠵᠢᠵᠦ᠂ ᠳᠤᠮᠳᠠᠳᠤ ᠤᠯᠤᠰ᠎ᠤᠨ ᠬᠥᠭᠵᠢᠯᠲᠡ ᠡᠯ᠎ᠡ ᠭᠠᠵᠠᠷ ᠣᠷᠣᠨ᠎ᠤ ᠬᠠᠮᠲᠤ᠎ᠶᠢᠨ ᠲᠠᠪᠰᠢᠯᠳᠠ᠎ᠪᠠᠷ ᠲᠠᠮᠵᠢᠨ ᠨᠡᠢᠳᠡᠮ ᠴᠡᠴᠡᠭᠯᠡᠨ ᠬᠥᠭᠵᠢᠵᠦ᠂ ᠳᠤᠮᠳᠠᠳᠤ᠎ᠶᠢᠨ ᠦᠨᠳᠦᠰᠦᠲᠡᠨ ᠡᠬᠡ ᠤᠯᠤᠰ᠎ᠤᠨ ᠵᠢᠡᠨ ᠨᠢᠭᠡᠳᠦᠯ᠎ᠢ ᠪᠡᠶᠡᠯᠡᠭᠦᠯᠬᠦ ᠪᠠ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ ᠎ᠢ ᠪᠠᠶ᠋ᠢᠭᠤᠯᠬᠤ ᠰᠠᠭᠤᠷᠢᠨ ᠳᠡᠭᠡᠷ᠎ᠡ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠣᠯᠣᠨ᠎ᠠ!》ᠭᠡᠵᠦ ᠢᠲᠡᠭᠡᠯ ᠲᠡᠭᠦᠯᠳᠡᠷ ᠪᠠᠷᠠᠯᠠᠭᠰᠠᠨ ᠶᠤᠮ᠃ ᠥᠨᠥᠳᠥᠷ ᠪᠢᠳᠡ ᠤᠷᠲᠤ ᠬᠤᠭᠤᠴᠠᠭᠠᠨ᠎ᠤ ᠴᠢᠷᠮᠠᠢᠯᠭ᠎ᠠ᠎ᠪᠠᠷ ᠳᠠᠮᠵᠢᠨ ᠨᠠᠮ ᠪᠠ ᠤᠯᠤᠰ᠎ᠤᠨ ᠠᠵᠢᠯ ᠦᠢᠯᠡᠰ ᠬᠥᠭᠵᠢᠨ ᠮᠠᠨᠳᠤᠵᠤ᠂ ᠬᠤᠪᠢᠯᠭᠠᠨ ᠣᠷᠣᠨ᠎ᠤ ᠡᠬᠡ ᠭᠠᠵᠠᠷ ᠠᠮᠤᠷ ᠲᠣᠭᠲᠠᠭᠤᠨ ᠡᠶ᠎ᠡ ᠨᠠᠶ᠋ᠢᠷᠠᠮᠳᠠᠭᠤ᠂ ᠠᠷᠠᠳ᠎ᠤᠨ ᠠᠮᠢᠳᠤᠷᠠᠯ ᠦᠷᠭᠦᠯᠵᠢᠯᠡᠨ ᠰᠠᠢᠵᠢᠷᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠢᠷᠡᠭᠡᠳᠦᠢ ᠭᠡᠭᠡᠨ ᠰᠠᠷᠠᠭᠤᠯ ᠪᠠᠢᠵᠤ᠂ ᠬᠡᠳᠦᠨ ᠦᠶ᠎ᠡ᠎ᠶᠢᠨ ᠬᠥᠮᠥᠰ᠎ᠦᠨ ᠵᠣᠷᠢᠭ᠋ ᠰᠢᠭᠤᠳᠤᠨ ᠲᠡᠮᠡᠴᠡᠬᠦ ᠬᠦᠰᠡᠯ ᠵᠡᠭᠦᠳᠦ ᠠᠯᠬᠤᠮ ᠠᠯᠬᠤᠮ᠎ᠢᠶᠠᠷ ᠪᠡᠶᠡᠯᠡᠭᠳᠡᠵᠦ ᠪᠠᠢᠨ᠎ᠠ ᠭᠡᠵᠦ ᠬᠢᠵᠠᠭᠠᠯᠠᠰᠢ ᠦᠭᠡᠢ ᠣᠮᠣᠭ ᠪᠠᠬᠠᠳᠤᠯ᠎ᠲᠠᠢ᠎ᠪᠠᠷ ᠬᠡᠯᠡᠵᠦ ᠴᠢᠳᠠᠨ᠎ᠠ᠃

《ᠲᠦᠮᠡᠨ ᠤᠨ ᠮᠢᠨᠭᠭᠠᠨ ᠵᠢᠯ ᠵᠢᠡᠷ ᠲᠡᠭᠦᠰ ᠦᠵᠡᠮᠵᠢ ᠵᠢ ᠪᠦᠷᠢᠲᠦᠭᠦᠯᠦᠮᠦᠢ᠂ ᠲᠡᠮᠡᠴᠡᠯ ᠵᠢᠳᠬᠦᠯ ᠠᠷᠢᠭᠤᠨ ᠬᠦᠳᠡᠯᠮᠦᠷᠢ ᠪᠡᠷ ᠠᠭᠤᠤ ᠦᠢᠯᠡᠰ᠎ᠢ ᠪᠦᠲᠦᠭᠡᠮᠦᠢ》᠃ ᠡᠨᠡ ᠪᠣᠯ ᠵᠢᠶᠠᠩ ᠽᠧ ᠮᠢᠨ ᠨᠥᠬᠥᠷ  ᠣᠮᠣᠭ ᠲᠡᠭᠦᠯᠳᠡᠷ ᠰᠢᠯᠦᠭ ᠵᠢᠨᠷ ᠬᠢᠭᠰᠡᠨ ᠲᠡᠮᠡᠴᠡᠯ᠎ᠤᠨ ᠲᠤᠬᠠᠢ ᠲᠠᠢᠯᠪᠤᠷᠢᠯᠠᠯᠲᠠ ᠮᠥᠨ᠃ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠢᠲᠡᠭᠡᠯ ᠵᠣᠷᠢᠭ᠋᠎ᠢᠶᠠᠨ ᠪᠠᠲᠤᠳᠬᠠᠨ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ ᠎ᠶᠢᠨ ᠠᠭᠤᠤ ᠦᠢᠯᠡᠰ ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠨᠡᠩ ᠰᠠᠢᠨ ᠰᠠᠢᠬᠠᠨ ᠠᠮᠢᠳᠤᠷᠠᠯ᠎ᠢ ᠲᠠᠰᠤᠷᠠᠯᠲᠠ ᠦᠭᠡᠢ ᠡᠭᠦᠳᠦᠨ ᠪᠦᠲᠦᠭᠡᠵᠦ᠂ ᠳᠤᠮᠳᠠᠳᠤ ᠎ᠶᠢᠨ ᠦᠨᠳᠦᠰᠦᠲᠡᠨ᠎ᠦ ᠨᠡᠩ ᠢᠷᠠᠭᠤ ᠭᠠᠢᠬᠠᠮᠰᠢᠭᠳᠤ ᠬᠠᠭᠤᠳᠠᠰᠤ᠎ᠶᠢ ᠪᠢᠴᠢᠭᠯᠡᠰᠦᠭᠡᠢ!

ᠰᠢᠨᠬᠤᠸᠠ ᠬᠤᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 17 ᠎ᠤ᠋ ᠴᠠᠬᠢᠯᠭᠠᠨ ᠮᠡᠳᠡᠭᠡ




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号