ᠵᠢᠶᠠᠩ ᠽᠧ ᠮᠢᠨ᠎ᠦ ᠨᠢᠭᠡ ᠨᠠᠰᠦ ᠪᠠ ᠦᠵᠡᠯ ᠰᠠᠨᠠᠭ᠎ᠠ ᠵᠢᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ᠎ᠳᠦ ᠶᠠᠪᠤᠭᠳᠠᠪᠠ
2026-08-18 10:00:00
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


ᠼᠠᠢ ᠴᠢ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠡ


ᠵᠢᠶᠠᠩ ᠽᠧ ᠮᠢᠨ᠎ᠦ ᠨᠢᠭᠡ ᠨᠠᠰᠤ ᠪᠠ ᠦᠵᠡᠯ ᠰᠠᠨᠠᠭ᠎ᠠ  ᠵᠢᠨ ᠰᠤᠳᠤᠯᠤᠨ ᠶᠠᠷᠢᠯᠴᠠᠬᠤ ᠬᠤᠷᠠᠯ 17 ᠡᠴᠡ 19 ᠎ᠤ᠋ ᠡᠳᠦᠷ ᠪᠡᠭᠡᠵᠢᠩ᠎ᠳᠦ ᠶᠠᠪᠤᠭᠳᠠᠬᠤ ᠪᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠥᠪ᠎ᠦᠨ ᠱᠦᠵᠢ ᠨᠠᠷ᠎ᠦᠨ ᠭᠠᠵᠠᠷ᠎ᠤᠨ ᠱᠦᠵᠢ ᠼᠠᠢ ᠴᠢ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ᠎ᠶᠢᠨ ᠫᠢᠩ᠎ᠤᠨ ᠵᠢᠶᠠᠩ ᠽᠧ ᠮᠢᠨ ᠨᠥᠬᠥᠷ᠎ᠦᠨ ᠮᠡᠨᠳᠦᠯᠡᠭᠰᠡᠨ 100 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ ᠲᠠᠯᠪᠢᠭ᠍ᠰᠠᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠢᠶᠠᠩ ᠽᠧ ᠮᠢᠨ ᠨᠥᠬᠥᠷ᠎ᠦᠨ ᠭᠡᠷᠡᠯ ᠰᠠᠴᠤᠷᠠᠩᠭᠤᠢ ᠦᠵᠡᠯ ᠰᠠᠨᠠᠭ᠎ᠠ ᠪᠠ ᠡᠷᠬᠢᠮ ᠳᠡᠭᠡᠳᠦ ᠬᠡᠪ ᠰᠤᠷᠲᠠᠯ᠎ᠢ ᠤᠯᠠᠮᠵᠢᠯᠠᠨ ᠪᠠᠳᠠᠷᠠᠭᠤᠯᠵᠤ᠂ ᠰᠢᠨ᠎ᠡ ᠴᠠᠭ ᠦᠶ᠎ᠡ᠎ᠶᠢᠨ ᠨᠥᠬᠥᠴᠡᠯ᠎ᠲᠠᠢ ᠤᠶᠠᠯᠳᠤᠭᠤᠯᠤᠨ《ᠭᠤᠷᠪᠠ᠎ᠶᠢ ᠲᠥᠯᠥᠭᠡᠯᠡᠬᠦ》ᠴᠢᠬᠤᠯᠠ ᠦᠵᠡᠯ ᠰᠠᠨᠠᠭᠠᠨ ᠎ᠤ  ᠰᠤᠳᠤᠯᠭᠠᠨ᠎ᠢ ᠭᠦᠨᠵᠡᠭᠡᠢᠷᠡᠭᠦᠯᠵᠦ᠂ ᠢᠲᠡᠭᠡᠯ ᠵᠣᠷᠢᠭ᠋᠎ᠢᠶᠠᠨ ᠪᠠᠲᠤᠳᠬᠠᠨ᠂ ᠦᠷᠭᠦᠯᠵᠢᠯᠡᠨ ᠲᠡᠮᠡᠴᠡᠵᠦ᠂ ᠡᠷᠳᠡᠮ ᠰᠢᠨᠵᠢᠯᠡᠭᠡᠨ ᠎ᠢ ᠴᠢᠨᠭᠳᠠᠯᠠᠨ᠂ ᠦᠨᠡᠨ ᠎ᠢ ᠪᠠᠷᠢᠮᠲᠠᠯᠠᠨ ᠰᠢᠨ᠎ᠡ ᠎ᠶᠢ ᠡᠭᠦᠳᠴᠦ᠂ ᠳᠤᠮᠳᠠᠳᠤ ᠤᠯᠤᠰ ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠼᠠᠢ ᠴᠢ᠂ 《ᠭᠤᠷᠪᠠ᠎ᠶᠢ ᠲᠥᠯᠥᠭᠡᠯᠡᠬᠦ᠌》 ᠴᠢᠬᠤᠯᠠ ᠦᠵᠡᠯ ᠰᠠᠨᠠᠭᠠᠨ᠎ᠤ ᠰᠤᠳᠤᠯᠭᠠᠨ ᠎ᠢ ᠭᠦᠨᠵᠡᠭᠡᠶ᠋ᠢᠷᠡᠭᠦᠯᠬᠦ᠎ᠳᠤ᠂ ᠨᠠᠮ ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠎ᠶᠢᠨ ᠲᠤᠶ᠋ᠢᠯ᠎ᠤᠨ ᠴᠢᠬᠤᠯᠠ ᠴᠢᠨᠠᠷ ᠎ᠤᠨ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠨᠠᠮ ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ 《ᠬᠣᠶᠠᠷ᠎ᠢ ᠲᠣᠭᠲᠠᠭᠠᠭᠰᠠᠨ》 ᠤ᠋ ᠰᠢ᠌ᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ ᠎ᠢ ᠨᠡᠩ ᠭᠦᠨᠵᠡᠭᠡᠢ ᠣᠶ᠋ᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠢ; ᠮᠠᠷᠺᠰ᠎ᠤᠨ ᠦᠵᠡᠯ᠎ᠤᠨ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠬᠤ ᠤᠨᠤᠯ᠎ᠤᠨ ᠬᠡᠪ ᠴᠢᠨᠠᠷ᠎ᠤᠨ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂《ᠬᠣᠶᠠᠷ ᠎ᠢ ᠤᠶᠠᠯᠳᠤᠭᠤᠯᠬᠤ》 ᠵᠢ ᠢᠮᠠᠭᠲᠠ ᠪᠠᠷᠢᠮᠲᠠᠯᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ; ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ 《ᠳᠥᠷᠪᠡᠨ ᠢᠲᠡᠭᠡᠯ》ᠵᠢᠡᠨ ᠢᠮᠠᠭᠲᠠ ᠪᠠᠲᠤᠳᠬᠠᠵᠤ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠬᠡᠷᠡᠭᠲᠡᠢ; ᠬᠥᠭᠵᠢᠯᠲᠡ ᠪᠣᠯ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ ᠭᠡᠬᠦ᠌ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠢᠮᠠᠭᠲᠠ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ᠎ᠶᠢ ᠡᠷᠡᠰ ᠭᠤᠶ᠋ᠢᠪᠢᠰᠢ ᠦᠭᠡᠢ ᠠᠬᠢᠭᠤᠯᠬᠤ ᠬᠡᠷᠡᠭᠲᠡᠢ; ᠲᠡᠷᠢᠭᠦᠨ ᠎ᠦ ᠰᠣᠶᠣᠯ ᠎ᠤᠨ ᠤᠷᠤᠭᠰᠢᠯᠠᠯᠲᠠ᠎ᠶᠢᠨ ᠴᠢᠭᠯᠡᠯ᠎ᠦᠨ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠭᠤᠤᠯ ᠴᠣᠭᠴᠠᠲᠤ᠌ ᠴᠢᠨᠠᠷ ᠎ᠢ ᠪᠠᠳᠠᠷᠠᠭᠤᠯᠬᠤ᠎ᠶᠢ ᠢᠮᠠᠭᠲᠠ ᠪᠠᠷᠢᠮᠲᠠᠯᠠᠵᠤ᠂ ᠪᠠᠲᠤ ᠴᠢᠩᠭ᠎ᠠ ᠰᠣᠶᠣᠯ᠎ᠤᠨ ᠢᠲᠡᠭᠡᠯ᠎ᠢᠶᠡᠷ ᠨᠡᠶ᠋ᠢᠭᠡᠮ ᠵᠢᠷᠤᠮ᠎ᠤᠨ ᠰᠣᠶᠣᠯ᠎ᠤᠨ ᠴᠡᠴᠡᠭᠯᠡᠯ ᠬᠥᠭᠵᠢᠯ᠎ᠢ  ᠠᠬᠢᠭᠤᠯᠬᠤ ᠬᠡᠷᠡᠭᠲᠡᠢ; ᠳᠡᠯᠡᠬᠡᠢ᠎ᠶᠢᠨ ᠤᠯᠠᠨ ᠲᠤᠶ᠋ᠢᠯᠰᠢᠷᠠᠯᠲᠠ ᠪᠠ ᠠᠵᠤ ᠠᠬᠤᠢ᠎ᠶᠢᠨ ᠳᠡᠯᠡᠬᠡᠶ᠋ᠢᠵᠢᠯᠲᠡ᠎ᠶᠢᠨ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠡᠩᠬᠡ ᠲᠠᠶ᠋ᠢᠪᠤᠩ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠢᠮᠠᠭᠲᠠ ᠪᠠᠷᠢᠮᠲᠠᠯᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠬᠡᠷᠡᠭᠲᠡᠢ; ᠤᠯᠤᠰ᠎ᠢ ᠵᠠᠰᠠᠬᠤ᠎ᠳᠤ ᠡᠷᠬᠡᠪᠰᠢ ᠤᠷᠢᠳᠠᠪᠠᠷ ᠨᠠᠮ᠎ᠢ ᠵᠠᠰᠠᠬᠤ᠂ ᠨᠠᠮ᠎ᠢ ᠵᠠᠰᠠᠬᠤ᠎ᠳᠤ ᠡᠷᠬᠡᠪᠰᠢ ᠴᠢᠩᠭ᠎ᠠ ᠪᠠᠶ᠋ᠢᠬᠤ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠪᠦᠬᠦ᠌ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠨᠠᠮ ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠳᠤᠮᠳᠠᠳᠤ ᠤᠯᠤᠰ ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠱᠦ᠍ ᠯᠧᠢ ᠬᠤᠷᠠᠯ᠎ᠢ ᠡᠷᠭᠢᠯᠡᠪᠡ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠱᠢ᠎ᠲᠠᠢ ᠹᠧᠩ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠯᠢᠦ ᠭᠦᠸᠧ ᠵᠦᠩ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ ᠵᠠᠩ ᠱᠧᠩ ᠮᠢᠨ᠂ ᠲᠥᠪ᠎ᠦᠨ ᠨᠠᠮ᠎ᠤᠨ ᠲᠡᠦᠬᠡ ᠪᠣᠯᠣᠨ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠴᠢᠦᠢ ᠴᠢᠩ ᠱᠠᠨ᠂ ᠵᠢᠶᠠᠩᠰᠤ ᠮᠤᠵᠢ᠎ᠶᠢᠨ ᠨᠠᠮ᠎ᠤᠨ ᠬᠣᠷᠢᠶ᠎ᠠ ᠵᠢᠨ ᠱᠦᠵᠢ ᠰᠢᠨ ᠴᠠᠩ ᠰᠢᠩ ᠤᠷᠢᠳ ᠬᠣᠵᠢᠳ ᠦᠭᠡ ᠬᠡᠯᠡᠵᠡᠢ᠃     

ᠪᠦᠭᠦ ᠤᠯᠤᠰ ᠎ᠤᠨ ᠠᠷᠠᠳ ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠳᠡᠳ᠋ ᠬᠣᠷᠢᠶᠠᠨ ᠳᠠᠷᠤᠭ᠎ᠠ ᠫᠧᠩ ᠴᠢᠩ ᠬᠤᠸᠠ᠂ ᠪᠦᠭᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠸᠠᠩ ᠳ᠋ᠦᠩ ᠹᠧᠩ ᠬᠤᠷᠠᠯ᠎ᠳᠤ ᠤᠷᠤᠯᠴᠠᠪᠠ᠃     

ᠬᠣᠯᠪᠣᠭᠳᠠᠯ ᠪᠦᠬᠦᠢ ᠲᠠᠯ᠎ᠠ᠎ᠶᠢᠨ ᠬᠠᠷᠢᠭᠤᠴᠠᠯᠭᠠᠲᠠᠨ ᠨᠥᠬᠥᠳ᠂ ᠲᠤᠰᠬᠠᠢ ᠮᠡᠷᠭᠡᠵᠢᠯᠲᠡᠨ ᠡᠷᠳᠡᠮᠲᠡᠨ᠎ᠦ ᠲᠥᠯᠥᠭᠡᠯᠡᠭᠴᠢ ᠵᠡᠷᠭᠡ 500 ᠰᠢᠬᠠᠮ ᠬᠥᠮᠥᠨ ᠬᠤᠷᠠᠯ᠎ᠳᠤ ᠣᠷᠣᠯᠴᠠᠪᠠ᠃      

ᠰᠤᠳᠤᠯᠤᠨ ᠶᠠᠷᠢᠯᠴᠠᠬᠤ ᠬᠤᠷᠠᠯ᠎ᠢ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ ᠎ᠦᠨ ᠰᠤᠳᠤᠯᠭᠠᠨ᠎ᠤ ᠬᠦᠷᠢᠶᠡᠯᠡᠩ᠂ ᠰᠤᠷᠭᠠᠨ ᠬᠥᠮᠦᠵᠢᠯ᠎ᠦᠨ ᠶᠠᠮᠤᠨ᠂ ᠳᠤᠮᠳᠠᠳᠤ ᠤᠯᠤᠰ ᠎ᠤᠨ ᠨᠡᠢᠭᠡᠮ᠎ᠦᠨ ᠰᠢᠨᠵᠢᠯᠡᠬᠦ ᠤᠬᠠᠭᠠᠨ ᠎ᠤ ᠬᠦᠷᠢᠶᠡᠯᠡᠩ᠂ ᠲᠥᠪ᠎ᠦᠨ ᠴᠡᠷᠢᠭ᠎ᠦᠨ ᠶᠠᠪᠤᠳᠠᠯ ᠎ᠤᠨ ᠬᠤᠷᠢᠶ᠎ᠠ ᠵᠢᠨ ᠤᠯᠤᠰ ᠲᠦᠷᠦ ᠎ᠶᠢᠨ ᠠᠵᠢᠯ᠎ᠤᠨ ᠬᠡᠯᠲᠡᠰ᠎ᠡᠴᠡ ᠡᠷᠭᠢᠯᠡᠪᠡ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 8 ᠰᠠᠷ᠎ᠠ᠎ᠶᠢᠨ 17᠎ᠤ᠋ ᠴᠠᠬᠢᠯᠭᠠᠨ ᠮᠡᠳᠡᠭᠡ) 





ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号