ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ ᠠᠯᠪᠠᠨ ᠭᠡᠷ᠎ᠦᠨ ᠡᠷᠬᠢᠯᠡᠭᠴᠢᠳ᠎ᠦᠨ ᠶᠠᠷᠢᠯᠴᠠᠬᠤ ᠬᠤᠷᠠᠯ ᠬᠤᠷᠠᠯᠳᠤᠵᠠᠢ
2026-08-18 10:56:49
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ ᠠᠯᠪᠠᠨ ᠭᠡᠷ᠎ᠦᠨ ᠡᠷᠬᠢᠯᠡᠭᠴᠢᠳ᠎ᠦᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠵᠠᠢ᠃

ᠬᠤᠷᠠᠯ᠎ᠡᠴᠨ ᠪᠥᠬᠥ ᠤᠯᠤᠰ᠎ᠤᠨ ᠪᠠᠢᠴᠠᠭᠠᠬᠤ ᠪᠠᠢᠭᠤᠯᠭ᠎ᠠ᠎ᠶᠢᠨ ᠠᠯᠪᠠᠨ ᠭᠡᠷ᠎ᠦᠨ ᠡᠷᠬᠢᠯᠡᠭᠴᠢᠳ᠎ᠦᠨ ᠶᠠᠷᠢᠯᠴᠠᠬᠤ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠤᠯᠠᠮᠵᠢᠯᠠᠵᠤ᠂ ᠣᠢᠷ᠎ᠠ᠎ᠶᠢᠨ ᠵᠢᠯ᠎ᠦᠨ ᠲᠤᠷᠰᠢᠬᠢ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ ᠠᠯᠪᠠᠨ ᠭᠡᠷ᠎ᠦᠨ ᠠᠵᠢᠯ᠎ᠤᠨ ᠦᠷ᠎ᠡ ᠪᠦᠲᠦᠮᠵᠢ᠎ᠶᠢ ᠳ᠋ᠦᠩᠨᠡᠵᠦ᠂ ᠣᠳᠣᠬᠠᠨ᠎ᠤ ᠰᠢᠨ᠎ᠡ ᠪᠠᠢᠳᠠᠯ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ᠎ᠢ ᠵᠠᠳᠠᠯᠵᠤ᠂ ᠭᠤᠤᠯᠯᠠᠬᠤ ᠡᠭᠦᠷᠭᠡ ᠴᠢᠳᠠᠪᠬᠢ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠶᠡᠬᠡ ᠲᠠᠯ᠎ᠠ᠎ᠳᠤ ᠦᠢᠯᠡᠴᠢᠯᠡᠬᠦ᠎ᠳᠦ ᠰᠠᠭᠤᠷᠢᠯᠠᠨ᠂ ᠲᠠᠷᠠᠭᠠᠴᠢ᠎ᠶᠢᠨ ᠱᠠᠲᠤᠨ᠎ᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ ᠠᠯᠪᠠᠨ ᠭᠡᠷ᠎ᠦᠨ ᠭᠣᠣᠯᠳᠠᠯᠭ᠎ᠠ᠎ᠲᠠᠢ ᠠᠵᠢᠯ᠎ᠢ ᠪᠠᠢᠷᠢᠯᠠᠭᠤᠯᠪᠠ᠃

ᠬᠤᠷᠠᠯ᠎ᠡᠴᠨ᠂ ᠦᠪᠦᠷ ᠮᠤᠩᠭᠤᠯ ᠤ᠋ᠨ  ᠡᠯ᠎ᠡ ᠱᠠᠲᠤᠨ᠎ᠤ ᠪᠠᠢᠴᠠᠭᠠᠬᠤ ᠬᠣᠷᠢᠶᠠᠨ᠎ᠤ ᠠᠯᠪᠠᠨ ᠭᠡᠷ᠎ᠦᠨ ᠠᠵᠢᠯ ᠲᠣᠭᠲᠠᠭᠤᠨ᠎ᠢᠶᠠᠷ ᠶᠠᠰᠤ ᠴᠢᠨᠠᠷ᠎ᠢᠶᠠᠨ ᠳᠡᠭᠡᠭᠰᠢᠯᠡᠭᠦᠯᠵᠦ᠂ ᠲᠡᠷᠢᠭᠦᠨ᠎ᠳᠦ ᠣᠷᠣᠬᠤ᠎ᠪᠠᠷ ᠴᠢᠷᠮᠠᠢᠵᠤ᠂ ᠰᠠᠢᠨ ᠦᠷ᠎ᠡ ᠪᠦᠲᠦᠮᠵᠢ ᠣᠯᠵᠦ᠂ ᠤᠯᠤᠰ ᠲᠥᠷᠥ᠎ᠶᠢᠨ ᠵᠣᠭᠰᠣᠴᠠ ᠦᠷᠭᠦᠯᠵᠢᠯᠡᠨ ᠲᠡᠭᠡᠭᠰᠢᠯᠡᠵᠦ᠂ ᠵᠠᠰᠠᠭ᠎ᠲᠤ ᠲᠤᠰᠠᠯᠠᠬᠤ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠦ᠂ ᠨᠢᠬᠡᠳᠦᠯᠳᠡᠢ ᠲᠦᠯᠦᠪᠵᠢᠭᠦᠯᠦᠨ ᠪᠠᠳᠤᠯᠠᠬᠤ ᠴᠢᠳᠠᠮᠵᠢ ᠦᠷᠬᠦᠯᠵᠢᠯᠡᠨ ᠴᠢᠩᠭᠠᠷᠠᠵᠤ᠂ ᠠᠵᠢᠯ᠎ᠤᠨ ᠰᠤᠷᠲᠠᠯ ᠦᠷᠭᠦᠯᠵᠢᠯᠡᠨ ᠴᠢᠩᠭ᠎ᠠ ᠪᠣᠳᠠᠲᠠᠢ ᠪᠤᠯᠵᠠᠢ ᠬᠡᠵᠦ ᠵᠢᠭᠠᠵᠦ ᠭᠠᠷᠭᠠᠪᠠ᠃

ᠬᠤᠷᠠᠯ᠎ᠡᠴᠨ᠂ ᠠᠯᠪᠠᠨ ᠭᠡᠷ᠎ᠦᠨ ᠠᠵᠢᠯ᠎ᠤᠨ ᠡᠭᠦᠷᠭᠡ ᠬᠠᠷᠢᠭᠤᠴᠠᠯᠭ᠎ᠠ ᠴᠢᠬᠤᠯᠠ ᠪᠠᠢᠵᠤ᠂ ᠪᠠᠢᠷᠢ ᠲᠣᠭᠲᠠᠭᠠᠯᠲᠠ᠎ᠶᠢ ᠰᠠᠢᠲᠤᠷ ᠡᠵᠡᠮᠳᠡᠵᠦ᠂ ᠦᠵᠡᠯ ᠰᠠᠨᠠᠭ᠎ᠠ᠂ ᠠᠵᠢᠯ᠎ᠤᠨ ᠰᠤᠷᠲᠠᠯ᠎ᠤᠨ ᠲᠠᠯ᠎ᠠ᠎ᠪᠠᠷ ᠴᠥᠮ 《ᠲᠣᠭᠲᠠᠭᠤᠨ》 ᠢ᠋ ᠪᠠᠷᠢᠮᠲᠠᠯᠠᠵᠤ᠂ 《ᠭᠤᠷᠪᠠ᠎ᠳᠤ ᠦᠢᠯᠡᠴᠢᠯᠡᠬᠦ》 ᠶ᠋ᠢ ᠦᠷᠭᠦᠯᠵᠢᠯᠡᠨ ᠰᠠᠢᠲᠤᠷ ᠬᠢᠵᠦ᠂ 《ᠲᠣᠭᠲᠠᠭᠤᠨ ᠪᠠᠢᠯᠭᠠᠬᠤ》 ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ; ᠦᠵᠡᠯ ᠰᠠᠨᠠᠭ᠎ᠠ᠎ᠪᠠᠨ ᠲᠣᠭᠲᠠᠪᠤᠷᠢᠵᠢᠭᠤᠯᠵᠤ᠂ ᠤᠯᠤᠰ ᠲᠥᠷᠥ᠎ᠶᠢᠨ ᠵᠣᠭᠰᠣᠯᠲᠠ᠎ᠪᠠᠨ ᠪᠠᠲᠤᠳᠬᠠᠵᠤ᠂ ᠤᠯᠤᠰ ᠲᠥᠷᠥ᠎ᠶᠢᠨ ᠲᠣᠭᠲᠠᠯ ᠬᠦᠴᠦᠨ᠎ᠢᠶᠡᠨ ᠲᠣᠭᠲᠠᠪᠤᠷᠢᠵᠢᠭᠤᠯᠵᠤ᠂ ᠨᠠᠷᠢᠨ ᠪᠤᠳᠤᠯᠢᠶᠠᠨᠲᠠᠢ ᠪᠠᠢᠳᠠᠯ᠎ᠤᠨ ᠡᠮᠦᠨ᠎ᠡ ᠲᠠᠷᠢᠬᠢ ᠲᠣᠯᠣᠭᠠᠢ ᠰᠡᠷᠭᠡᠭ᠂ ᠵᠣᠭᠰᠣᠯᠲᠠ ᠪᠠᠲᠤ ᠪᠠᠢᠵᠤ᠂ ᠠᠯᠪᠠᠨ ᠭᠡᠷ᠎ᠦᠨ ᠠᠵᠢᠯ᠎ᠤᠨ ᠤᠯᠤᠰ ᠲᠥᠷᠥ᠎ᠶᠢᠨ ᠴᠢᠭᠯᠡᠯ ᠬᠡᠯᠪᠡᠢᠬᠦ ᠦᠭᠡᠢ᠂ ᠤᠭ  ᠰᠠᠨᠠᠭ᠎ᠠ ᠮᠥᠨ ᠴᠢᠨᠠᠷ᠎ᠢᠶᠠᠨ ᠬᠤᠪᠢᠷᠠᠭᠤᠯᠬᠤ ᠦᠭᠡᠢ ᠪᠠᠢᠬᠤ᠎ᠶᠢ ᠢᠮᠠᠭᠲᠠ ᠪᠠᠲᠤᠯᠠᠬᠤ ᠬᠡᠷᠡᠭᠲᠡᠢ; 《ᠯᠠᠪᠳᠠᠭᠤᠨ ᠲᠣᠭᠲᠠᠭᠤᠨ》 ᠠᠵᠢᠯ᠎ᠤᠨ ᠰᠤᠷᠲᠠᠯ᠎ᠢ ᠳᠠᠪᠲᠠᠨ ᠪᠣᠯᠪᠠᠰᠤᠷᠠᠭᠤᠯᠵᠦ᠂ ᠦᠭᠡ ᠶᠠᠷᠢᠶ᠎ᠠ ᠦᠢᠯᠡ ᠠᠵᠢᠯᠯᠠᠭ᠎ᠠ ᠪᠡᠨ ᠯᠠᠪᠳᠠᠭᠤᠨ ᠲᠤᠬᠳᠠᠭᠤᠨ ᠪᠠᠢᠯᠭᠠᠵᠤ᠂ ᠰᠠᠬᠢᠯᠭ᠎ᠠ ᠪᠠᠲᠤ ᠶᠣᠰᠣ᠌ ᠳᠦᠷᠢᠮ᠎ᠦᠨ ᠬᠥᠪᠴᠢ᠎ᠶᠢ ᠴᠠᠭ ᠢᠮᠠᠭᠲᠠ ᠴᠢᠩᠭᠠᠯᠠᠬᠤ ᠬᠡᠷᠡᠭᠳᠡᠢ ᠬᠡᠵᠦ ᠱᠠᠭᠠᠷᠳᠠᠵᠠᠢ᠃ ᠡᠯ᠎ᠡ ᠠᠢᠮᠠᠬ ᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠠᠯᠪᠠᠨ ᠬᠡᠷ ᠤ᠋ᠨ ᠡᠷᠬᠢᠯᠡᠭᠴᠢᠳ ᠤᠳᠤᠬᠠᠨ ᠤ᠋ ᠠᠯᠪᠠᠨ ᠬᠡᠷ ᠤ᠋ᠨ ᠠᠵᠢᠯ ᠤ᠋ᠨ ᠬᠦᠴᠢᠷᠳᠡᠯ ᠲᠠᠢ ᠤᠶᠠᠯᠳᠤᠭᠤᠯᠤᠨ᠂ ᠪᠤᠳᠤᠯ ᠰᠠᠨᠠᠯ ᠵᠢᠡᠨ ᠰᠤᠯᠢᠯᠴᠠᠨ ᠶᠠᠷᠢᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号