ᠥᠪᠡᠷᠲᠡᠭᠡᠨ ᠵᠠᠰᠠᠬᠤ ᠣᠷᠣᠨ ᠤ ᠬᠢᠯᠢ ᠵᠢᠨ ᠪᠣᠭᠣᠮᠲᠠ᠎ᠶᠢᠨ ᠠᠯᠪᠠᠨ ᠭᠡᠷ᠎ᠦᠨ ᠮᠡᠳᠡᠭᠡ ᠶᠢ
ᠦᠨᠳᠦᠰᠦᠯᠡᠪᠡᠯ᠂ 8 ᠰᠠᠷ᠎ᠠ᠎ᠶᠢᠨ 14᠎ᠦ ᠡᠳᠦᠷ ᠪᠣᠯᠲᠠᠯ᠎ᠠ᠂ 2026 ᠣᠨ᠎ᠤ ᠥᠪᠥᠷ ᠮᠣᠩᠭᠣᠯ᠎ᠤᠨ ᠬᠠᠭᠤᠷᠠᠢ ᠵᠠᠮ᠎ᠤᠨ
ᠬᠢᠯᠢ ᠵᠢᠨ ᠪᠣᠭᠣᠮᠲᠠ᠎ᠶᠢᠨ ᠬᠢᠯᠢ᠎ᠪᠡᠷ ᠣᠷᠣᠭᠤᠯᠵᠤ ᠭᠠᠷᠭᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ
1 ᠳ᠋ᠦᠩᠰᠢᠭᠤᠷ ᠲᠣᠨ᠎ᠤ ᠪᠣᠭᠣᠮᠲᠠ᠎ᠶᠢ ᠳᠠᠪᠠᠵᠤ᠂ ᠳᠡᠭᠡᠷ᠎ᠡ ᠵᠢᠯ᠎ᠦᠨ ᠬᠢ᠎ᠡᠴᠡ ᠨᠢᠭᠡ ᠰᠠᠷ᠎ᠠ ᠤᠷᠢᠳᠴᠢᠯᠠᠨ
ᠳ᠋ᠦᠩᠰᠢᠭᠤᠷ ᠲᠣᠨ᠎ᠢ ᠳᠠᠪᠠᠵᠤ᠂ ᠪᠠᠷᠠᠭᠠᠨ ᠤ ᠲᠡᠭᠡᠭᠡᠪᠦᠷᠢ᠎ᠶᠢᠨ ᠬᠡᠪᠴᠢᠶ᠎ᠡ ᠦᠷᠭᠦᠯᠵᠢᠯᠡᠨ ᠪᠥᠬᠥ ᠤᠯᠤᠰ ᠤᠨ
ᠲᠡᠷᠢᠭᠦᠨ᠎ᠳᠦ ᠣᠷᠣᠵᠤ᠂ ᠤᠯᠤᠰ ᠤᠨ ᠳᠣᠲᠣᠭᠠᠳᠤ ᠭᠠᠳᠠᠭᠠᠳᠤ᠎ᠶᠢᠨ ᠬᠣᠣᠰ ᠡᠷᠭᠢᠯᠲᠡ ᠶᠢ ᠰᠠᠭᠠᠳ ᠦᠭᠡᠢ ᠨᠡᠪᠲᠡᠷᠡᠭᠦᠯᠬᠦ ᠳᠦ
ᠪᠠᠲᠤ ᠪᠡᠬᠢ ᠵᠠᠮ ᠱᠤᠭᠤᠮ᠎ᠤᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃
ᠣᠢᠯᠠᠭᠠᠭᠰᠠᠨ᠎ᠢᠶᠠᠷ᠂ ᠡᠨᠡ ᠵᠢᠯ ᠡᠴᠡ ᠨᠠᠭᠠᠰᠢ ᠥᠪᠥᠷ ᠮᠣᠩᠭᠣᠯ ᠭᠠᠳᠠᠭᠠᠳᠤ ᠠᠷᠠᠯᠵᠢᠶᠠᠨ᠎ᠤ
ᠬᠢᠯᠢ ᠵᠢᠨ ᠪᠣᠭᠣᠮᠲᠠ᠎ᠶᠢᠨ ᠠᠵᠢᠯ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠡᠷ ᠬᠥᠭᠵᠢᠭᠦᠯᠬᠦ
ᠭᠤᠷᠪᠠᠨ ᠵᠢᠯ ᠦᠨ ᠠᠵᠢᠯᠯᠠᠭ᠎ᠠ ᠶᠢ ᠯᠠᠪᠳᠠᠭᠤᠨ᠎ᠢᠶᠠᠷ ᠠᠬᠢᠭᠤᠯᠵᠤ᠂ ᠪᠣᠭᠣᠮᠲᠠ ᠪᠠᠷ ᠥᠩᠭᠡᠷᠡᠬᠦ᠎ᠶᠢ ᠳᠥᠭᠥᠮᠴᠢᠯᠡᠬᠦ
ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠪᠥᠬᠥ ᠣᠷᠣᠨ ᠤ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ
ᠠᠵᠢᠯᠯᠠᠭᠠᠨ᠎ᠳᠤ ᠥᠨᠳᠥᠷ ᠨᠡᠮᠡᠭᠳᠡᠯ᠎ᠦᠨ ᠬᠠᠨᠳᠤᠰᠢ ᠢᠯᠡᠷᠡᠵᠡᠢ᠃ ᠬᠥᠬᠡᠬᠣᠲᠠ 2026 ᠣᠨ᠎ᠤ ᠪᠥᠬᠥ ᠤᠯᠤᠰ᠎ᠤᠨ
ᠬᠢᠯᠢ ᠠᠯᠤᠰᠯᠠᠭᠰᠠᠨ ᠠᠷᠠᠯᠵᠢᠶ᠎ᠠ᠎ᠶᠢ ᠳᠥᠭᠥᠮᠴᠢᠯᠡᠬᠦ ᠲᠤᠰᠬᠠᠢ ᠠᠵᠢᠯᠯᠠᠭ᠎ᠠ᠎ᠶᠢᠨ ᠲᠤᠷᠰᠢᠯᠲᠠ᠎ᠶᠢᠨ ᠬᠣᠲᠠ᠎ᠪᠡᠷ
ᠰᠣᠩᠭᠣᠭᠳᠠᠭᠰᠠᠨ ᠠ᠋ᠴᠠ ᠨᠠᠭᠠᠰᠢ᠂ ᠣᠷᠣᠨ ᠬᠣᠲᠠ ᠬᠣᠯᠪᠤᠭᠠᠯᠠᠨ ᠬᠥᠳᠡᠯᠦᠯᠴᠡᠵᠦ᠂ ᠲᠠᠪᠤᠨ ᠶᠡᠬᠡ ᠬᠥᠭᠵᠢᠯᠲᠡ᠎ᠶᠢᠨ
ᠴᠢᠭᠯᠡᠯ᠂ 20 ᠵᠦᠢᠯ ᠦᠨ ᠭᠣᠣᠯᠳᠠᠯᠭ᠎ᠠ᠎ᠲᠠᠢ ᠥᠭᠡᠷᠡᠴᠢᠯᠡᠯᠲᠡ᠎ᠶᠢᠨ ᠡᠭᠦᠷᠭᠡ ᠶᠢ ᠲᠣᠳᠣᠷᠬᠠᠢᠯᠠᠭᠰᠠᠨ ᠪᠥᠭᠡᠳ
ᠥᠪᠥᠷ ᠮᠣᠩᠭᠣᠯ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠎ᠤ ᠮᠠᠨᠵᠤᠤᠷ ᠣᠷᠣᠨ ᠪᠠ ᠡᠷᠢᠶᠡᠨ ᠬᠣᠲᠠ᠎ᠶᠢᠨ
ᠣᠷᠣᠨ᠎ᠳᠤ ᠳᠡᠯᠭᠡᠷᠡᠭᠦᠯᠪᠡ᠃ ᠣᠲᠣ᠌ ᠪᠣᠯᠲᠠᠯ᠎ᠠ ᠥᠪᠥᠷ ᠮᠣᠩᠭᠣᠯ ᠬᠢᠯᠢ ᠠᠯᠤᠰᠯᠠᠭᠰᠠᠨ ᠠᠷᠠᠯᠵᠢᠶ᠎ᠠ᠎ᠶᠢᠨ ᠳᠥᠭᠥᠮᠴᠢᠯᠡᠯᠲᠡ᠎ᠶᠢᠨ
ᠦᠷ᠎ᠡ ᠪᠦᠲᠦᠮᠵᠢ᠎ᠶᠢ 28 ᠵᠤᠷᠪᠤᠰ ᠣᠯᠣᠭᠰᠠᠨ ᠪᠠᠢᠨ᠎ᠠ᠃ ᠡᠭᠦᠨ᠎ᠦ ᠬᠠᠮᠲᠤ᠂ ᠥᠪᠥᠷ ᠮᠣᠩᠭᠣᠯ ᠣᠶᠤᠨᠴᠢ ᠪᠣᠭᠣᠮᠲᠠ᠎ᠶᠢᠨ
ᠪᠦᠲᠦᠭᠡᠨ ᠪᠠᠢᠭᠤᠯᠤᠯᠲᠠ ᠪᠣᠯᠣᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠳᠦᠷᠢᠮ᠎ᠦᠨ ᠰᠢᠨ᠎ᠡ᠎ᠶᠢ
ᠡᠭᠦᠳᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠥᠪᠡᠰᠦᠪᠡᠨ
ᠬᠠᠷᠭᠤᠭᠤᠯᠤᠨ ᠪᠠᠢᠴᠠᠭᠠᠬᠤ ᠪᠦᠷᠬᠦᠴᠡ᠎ᠶᠢᠨ ᠬᠡᠪᠴᠢᠶ᠎ᠡ ᠵᠢᠥᠷᠭᠡᠳᠬᠡᠵᠦ᠂ ᠪᠣᠭᠣᠮᠲᠠ᠎ᠪᠠᠷ ᠥᠩᠭᠡᠷᠡᠬᠦ ᠴᠠᠭ᠎ᠢ
ᠶᠡᠬᠡᠪᠡᠷ ᠪᠤᠭᠤᠨᠢᠰᠬᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号