2026 ᠣᠨ᠎ᠤ 32 ᠳ᠋ᠤᠭᠠᠷ ᠭᠠᠷᠠᠭ᠎ᠤᠨ ᠪᠥᠬᠥ ᠤᠯᠤᠰ᠎ᠤᠨ
ᠨᠢᠰᠬᠡᠯ᠎ᠦᠨ ᠪᠠᠭᠤᠳᠠᠯ ᠤᠨ ᠠᠶᠠᠨᠴᠢᠳ᠎ᠢ ᠣᠷᠣᠭᠤᠯᠵᠤ ᠭᠠᠷᠭᠠᠭᠰᠠᠨ ᠬᠡᠮᠵᠢᠶ᠎ᠡ᠂ ᠡᠭᠡᠯᠵᠢ᠎ᠶᠢᠨ ᠨᠢᠰᠬᠡᠯ᠎ᠦᠨ
ᠬᠡᠮᠵᠢᠶ᠎ᠠ ᠵᠢᠨ 60
ᠬᠦᠴᠦᠷᠬᠡᠭ᠎ᠤᠨ
ᠨᠡᠷᠡᠰ᠎ᠦᠨ ᠵᠢᠭ᠍ᠰᠠᠭᠠᠯᠲᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠬᠥᠯᠥᠨ ᠪᠣᠶ᠋ᠢᠷ᠎ᠤᠨ ᠬᠠᠢᠯᠠᠷ᠎ᠤᠨ
ᠨᠢᠰᠬᠡᠯ᠎ᠦᠨ ᠪᠠᠭᠤᠳᠠᠯ ᠪᠥᠬᠥ ᠤᠯᠤᠰ᠎ᠤᠨ ᠨᠢᠰᠬᠡᠯ᠎ᠦᠨ ᠪᠠᠭᠤᠳᠠᠯ᠎ᠤᠨ 60 ᠬᠦᠴᠦᠷᠬᠡᠭ᠎ᠲᠦ ᠠᠮᠵᠢᠯᠲᠠ᠎ᠲᠠᠢ ᠣᠷᠣᠵᠤ᠂ ᠡᠭᠡᠯᠵᠢ᠎ᠶᠢᠨ
ᠨᠢᠰᠬᠡᠯ᠎ᠦᠨ ᠠᠶᠠᠨᠴᠢᠳ ᠰᠠᠭᠤᠭᠰᠠᠨ ᠨᠣᠷᠮ᠎ᠠ 92.3%᠎ᠳᠤ ᠬᠦᠷᠴᠦ᠂ ᠪᠥᠬᠥ ᠤᠯᠤᠰ᠎ᠲᠤ ᠲᠦᠷᠦᠭᠦᠯᠡᠪᠡ᠃
ᠪᠦᠷᠢᠳᠬᠡᠯ᠎ᠢ ᠦᠨᠳᠦᠰᠦᠯᠡᠪᠡᠯ᠂ 8 ᠰᠠᠷ᠎ᠠ᠎ᠶᠢᠨ 9 ᠦ ᠡᠳᠦᠷ ᠪᠣᠯᠲᠠᠯ᠎ᠠ᠂ ᠬᠥᠯᠥᠨ ᠪᠣᠶ᠋ᠢᠷ᠎ᠤᠨ
ᠬᠠᠢᠯᠠᠷ᠎ᠤᠨ ᠣᠯᠠᠨ ᠤᠯᠤᠰ ᠤᠨ ᠨᠢᠰᠬᠡᠯ ᠦᠨ ᠪᠠᠭᠤᠳᠠᠯ᠎ᠤᠨ ᠡᠨᠡ ᠵᠢᠯ᠎ᠦᠨ ᠠᠶᠠᠨᠴᠢᠳ ᠣᠷᠣᠭᠤᠯᠵᠤ ᠭᠠᠷᠭᠠᠭᠰᠠᠨ
ᠬᠡᠮᠵᠢᠶ᠎ᠡ 200
ᠲᠦᠮᠡᠨ
ᠬᠥᠮᠥᠨ ᠤᠳᠠᠭ᠎ᠠ᠎ᠶᠢ ᠳᠠᠪᠠᠵᠤ᠂ ᠵᠦᠭᠡᠭᠡᠪᠦᠷᠢ ᠵᠢᠨ ᠨᠢᠰᠭᠡᠯ᠎ᠤᠨ ᠨᠢᠰᠴᠦ ᠪᠠᠭᠤᠬᠤ ᠶᠢ ᠨᠡᠢᠳᠡ 1.6 ᠲᠦᠮᠡᠨ ᠤᠳᠠᠭ᠎ᠠ ᠤᠷᠴᠢᠮ ᠪᠠᠲᠤᠯᠠᠵᠤ᠂ ᠪᠠᠷᠠᠭ᠎ᠠ
ᠪᠠ ᠰᠢᠤᠳᠠᠨ᠎ᠤ ᠣᠷᠣᠭᠤᠯᠵᠤ ᠭᠠᠷᠭᠠᠭᠰᠠᠨ ᠬᠡᠮᠵᠢᠶ᠎ᠡ 3329.9 ᠲᠣᠨ ᠳ᠋ᠦ ᠬᠦᠷᠴᠤ᠂ ᠭᠤᠷᠪᠠᠨ ᠶᠡᠬᠡ ᠭᠦᠢᠴᠡᠳᠬᠡᠯ
ᠲᠣᠭ᠎ᠠ ᠨᠢ ᠠᠳᠠᠯᠢ ᠬᠤᠭᠤᠴᠠᠭᠠᠨ᠎ᠤ ᠬᠢ᠎ᠡᠴᠡ ᠲᠣᠰ ᠲᠤᠰ 4.5%᠂ 6.9% ᠪᠠ 8.0%᠎ᠪᠠᠷ ᠨᠡᠮᠡᠭᠳᠡᠵᠦ᠂ ᠵᠦᠭᠡᠭᠡᠪᠦᠷᠢ᠎ᠶᠢᠨ
ᠦᠢᠯᠡᠳᠪᠦᠷᠢᠯᠡᠯ ᠦᠨ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠪᠡ᠃
ᠡᠭᠦᠨ᠎ᠳᠦ᠂ ᠠᠶᠠᠨᠴᠢᠳ᠎ᠢ ᠣᠷᠣᠭᠤᠯᠵᠤ ᠭᠠᠷᠭᠠᠬᠰᠠᠨ ᠬᠡᠮᠵᠢᠶ᠎ᠡ 200 ᠲᠦᠮᠡ᠎ᠶᠢ ᠳᠠᠪᠠᠭᠰᠠᠨ ᠴᠠᠭ ᠨᠢ ᠨᠢᠳᠤᠨᠤᠨ᠎ᠤ
ᠬᠢ᠎ᠡᠴᠡ 6
ᠡᠳᠦᠷ
ᠤᠷᠢᠳᠴᠢᠯᠠᠵᠤ᠂ ᠣᠷᠣᠨ ᠪᠦᠰᠡ᠎ᠶᠢᠨ ᠠᠭᠠᠷ᠎ᠤᠨ ᠠᠶᠠᠯᠠᠯ᠎ᠤᠨ ᠶᠠᠪᠤᠵᠤ ᠰᠠᠭᠤᠬᠤ ᠬᠡᠷᠡᠭᠴᠡᠭᠡ ᠪᠣᠯᠣᠨ ᠨᠢᠰᠬᠡᠯ᠎ᠦᠨ
ᠪᠠᠭᠤᠳᠠᠯ᠎ᠤᠨ ᠠᠵᠢᠯᠯᠠᠭᠠᠨ᠎ᠤ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠭᠰᠡᠨ᠎ᠢ ᠬᠠᠷᠠᠭᠤᠯᠪᠠ᠃
7 ᠰᠠᠷ᠎ᠠ᠎ᠶᠢᠨ ᠵᠤᠨ᠎ᠤ ᠵᠦᠭᠡᠭᠡᠪᠦᠷᠢ
ᠵᠢᠨ ᠬᠤᠭᠤᠴᠠᠭᠠᠨ᠎ᠠᠴᠠ ᠨᠠᠭᠠᠰᠢ᠂ ᠲᠠᠯ᠎ᠠ ᠨᠤᠲᠤᠭ᠎ᠤᠨ ᠵᠤᠰᠠᠯᠠᠩ᠎ᠤᠨ ᠵᠢᠭᠤᠯᠴᠢᠯᠠᠯ ᠤᠷᠬᠢᠯ ᠦᠶ᠎ᠡ ᠵᠢ
ᠤᠬᠳᠤᠵᠤ᠂ ᠬᠥᠯᠥᠨ ᠪᠤᠢ᠍ᠢᠷ᠎ᠤᠨ ᠬᠠᠢᠯᠠᠷ᠎ᠤᠨ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠡᠳᠦᠷ ᠳᠤᠮᠳᠠᠴᠢ᠎ᠶᠢᠨ
ᠠᠶᠠᠨᠴᠢᠳ᠎ᠤᠨ ᠲᠣᠭ᠎ᠠ 2 ᠲᠦᠮᠡᠨ ᠬᠥᠮᠥᠨ ᠤᠳᠠᠭ᠎ᠠ᠎ᠠᠴᠠ ᠳᠡᠭᠡᠭᠰᠢ᠎ᠳᠦ ᠲᠣᠭᠲᠠᠪᠤᠷᠢᠵᠢᠵᠤ᠂ ᠡᠳᠦᠷ ᠳᠤᠮᠳᠠᠴᠢ᠎ᠶᠢᠨ
ᠡᠭᠡᠯᠵᠢ᠎ᠶᠢᠨ ᠨᠢᠰᠬᠡᠯ 75 ᠡᠭᠡᠯᠵᠢ ᠣᠷᠴᠢᠮ᠎ᠢ ᠪᠠᠲᠤᠯᠠᠵᠤ᠂ ᠶᠡᠬᠡ ᠬᠡᠮᠵᠢᠶᠡᠨ᠎ᠦ ᠭᠠᠳᠠᠷ ᠣᠷᠣᠨ᠎ᠤ ᠵᠢᠭᠤᠯᠴᠢᠯᠠᠬᠰᠠᠳ ᠬᠥᠯᠥᠨ
ᠪᠤᠢ᠍ᠢᠷ ᠢ ᠵᠤᠷᠢᠵᠤ ᠢᠷᠡᠨ᠂ ᠲᠠᠯ᠎ᠠ ᠨᠤᠲᠤᠭ᠎ᠤᠨ ᠠᠮᠢ ᠠᠬᠤᠢ᠎ᠶᠢᠨ ᠵᠢᠭᠤᠯᠴᠢᠯᠠᠯ᠂ ᠵᠤᠰᠠᠯᠠᠩ᠎ᠤᠨ ᠰᠡᠯᠡᠭᠦᠴᠡᠯ
ᠵᠢᠭᠤᠯᠴᠢᠯᠠᠯ ᠵᠡᠷᠭᠡ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠲᠠᠲᠠᠬᠤ ᠬᠦᠴᠦᠨ᠎ᠢᠶᠡᠨ ᠦᠷᠭᠦᠯᠵᠢᠯᠡᠨ ᠪᠠᠳᠠᠷᠠᠭᠤᠯᠵᠤ᠂
ᠠᠭᠠᠷ ᠤᠨ ᠠᠶᠠᠯᠠᠯ᠎ᠤᠨ ᠠᠶᠠᠨᠴᠢᠳ᠎ᠤᠨ ᠤᠷᠤᠰᠬᠠᠯ ᠪᠣᠯᠣᠨ ᠰᠣᠶᠣᠯ ᠵᠢᠭᠤᠯᠴᠢᠯᠠᠯ᠎ᠤᠨ ᠬᠡᠷᠡᠭᠯᠡᠭᠡ ᠬᠠᠷᠢᠯᠴᠠᠨ
ᠬᠠᠪᠰᠤᠷᠤᠯᠴᠠᠵᠤ᠂ ᠵᠠᠬ᠎ᠠ ᠳᠡᠯᠭᠡᠭᠦᠷ᠎ᠢ ᠬᠣᠣᠰ ᠴᠢᠭᠯᠡᠯ᠎ᠢᠶᠡᠷ ᠲᠠᠢ᠍ᠢᠴᠢᠯᠠᠪᠠ᠃
ᠣᠳᠣᠬᠠᠨ᠎ᠳᠤ᠂ ᠬᠥᠯᠥᠨ ᠪᠣᠶ᠋ᠢᠷ ᠤᠨ ᠬᠠᠢᠯᠠᠷ ᠤᠨ
ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠨᠢᠭᠡᠨᠲᠡ ᠬᠠᠢᠯᠠᠷ᠎ᠠᠴᠠ ᠰᠢᠶᠠᠩᠭᠠᠩ ᠬᠦᠷᠬᠦ᠂ ᠬᠠᠢᠯᠠᠷ᠎ᠠᠴᠠ
ᠺᠣᠷᠢᠶᠠ᠎ᠶᠢᠨ ᠰᠸᠦᠯ ᠬᠦᠷᠬᠦ ᠵᠡᠷᠭᠡ ᠠᠭᠠᠷ᠎ᠤᠨ ᠠᠶᠠᠯᠠᠯ᠎ᠤᠨ ᠱᠤᠭᠤᠮ᠎ᠢ ᠨᠠᠪᠲᠠᠷᠡᠭᠦᠯᠵᠦ᠂ ᠬᠢᠯᠢ ᠠᠯᠤᠰᠯᠠᠭᠰᠠᠨ ᠠᠭᠠᠷ᠎ᠤᠨ
ᠠᠶᠠᠯᠠᠯ᠎ᠤᠨ ᠰᠣᠩᠭᠣᠯᠲᠠ᠎ᠵᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠬᠥᠯᠥᠨ ᠪᠣᠶ᠋ᠢᠷ ᠬᠣᠲᠠ᠎ᠶᠢᠨ ᠰᠣᠶᠣᠯ
ᠵᠢᠭᠤᠯᠴᠢᠯᠠᠯ᠎ᠤᠨ ᠬᠠᠷᠢᠯᠴᠠᠨ ᠦᠢᠯᠡᠳᠦᠯᠴᠡᠬᠦ᠂ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠳᠤ ᠲᠥᠬᠥᠮ ᠬᠥᠭᠥᠷᠭᠡ
ᠲᠠᠯᠪᠢᠵᠤ᠂ ᠠᠭᠠᠷ᠎ᠤᠨ ᠠᠶᠠᠯᠠᠯ ᠵᠢᠭᠤᠯᠴᠢᠯᠠᠯ᠎ᠤᠨ ᠠᠭᠤᠰᠤᠯᠴᠠᠯ ᠬᠢᠭᠡᠳ ᠭᠠᠳᠠᠬᠰᠢ ᠨᠡᠭᠡᠭᠡᠨ ᠬᠥᠭᠵᠢᠭᠦᠯᠬᠦ᠎ᠳᠦ
ᠦᠷᠭᠦᠯᠵᠢᠯᠡᠨ ᠬᠦᠴᠦᠨ ᠨᠡᠮᠡᠷᠢᠯᠡᠵᠦ ᠪᠠᠢᠨ᠎ᠠ᠃
ᠢᠷᠡᠯᠲᠡ᠄ ᠬᠦᠯᠦᠨ ᠪᠤᠢᠷ᠎ᠤᠨ ᠰᠤᠨᠢᠨ ᠮᠡᠳᠡᠭᠡ᠂ ᠤᠮᠠᠷᠠᠲᠤ ᠬᠢᠯᠢ
ᠵᠢᠨ ᠰᠤᠨᠢᠨ ᠮᠡᠳᠡᠭᠡ