8 ᠰᠠᠷ᠎ᠠ᠎ᠶᠢᠨ 14᠎ᠤ᠋ ᠡᠳᠦᠷ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠪᠦᠯᠦᠭ ᠤᠳᠠᠭ᠎ᠠ᠎ᠶᠢᠨ
ᠰᠣᠷᠣᠭ᠍ᠴᠢ ᠡᠯᠰᠡᠬᠦ ᠠᠵᠢᠯ ᠳᠠᠭᠤᠰᠬᠤ᠎ᠶᠢ ᠳᠠᠭᠠᠯᠳᠤᠨ᠂ ᠥᠪᠥᠷ ᠮᠣᠩᠭᠣᠯ᠎ᠤᠨ 2026 ᠣᠨ᠎ᠤ ᠶᠡᠬᠡ ᠳᠡᠭᠡᠳᠦ ᠰᠤᠷᠭᠠᠭᠤᠯᠢ᠎ᠳᠤ
ᠰᠣᠷᠣᠭ᠍ᠴᠢ ᠡᠯᠰᠡᠬᠦ ᠠᠵᠢᠯ ᠳᠠᠭᠤᠰᠴᠤ᠂ ᠪᠥᠬᠥ ᠤᠯᠤᠰ᠎ᠤᠨ 1691 ᠶᠡᠬᠡ ᠳᠡᠭᠡᠳᠦ ᠰᠤᠷᠭᠠᠭᠤᠯᠢ ᠥᠪᠥᠷ ᠮᠣᠩᠭᠣᠯ
ᠡᠴᠡ ᠨᠡᠶ᠋ᠢᠲᠡ 197607 ᠰᠣᠷᠣᠭ᠍ᠴᠢ ᠡᠯᠰᠡᠪᠡ᠃
ᠡᠨᠡ ᠵᠢᠯ ᠪᠣᠯ ᠥᠪᠥᠷ ᠮᠣᠩᠭᠣᠯ᠎ᠤᠨ
ᠰᠢᠨ᠎ᠡ ᠮᠠᠶᠢᠭ᠋᠎ᠤᠨ ᠶᠡᠬᠡ ᠳᠡᠭᠡᠳᠦ ᠰᠤᠷᠭᠠᠭᠤᠯᠢ ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠥᠭᠡᠷᠡᠴᠢᠯᠡᠯᠲᠡ᠎ᠶᠢ
ᠨᠠᠢᠳᠠᠪᠤᠷᠢᠵᠢᠭᠤᠯᠤᠭᠰᠠᠨ ᠬᠣᠶᠠᠳᠠᠭᠢ ᠵᠢᠯ ᠮᠥᠨ᠂ ᠥᠭᠡᠷᠡᠴᠢᠯᠡᠯᠲᠡ᠎ᠶᠢᠨ ᠭᠣᠣᠯ ᠱᠠᠭᠠᠷᠳᠠᠯᠭ᠎ᠠ ᠲᠠᠢ ᠨᠢᠭ᠍ᠲᠠ
ᠤᠶᠠᠯᠳᠤᠭᠤᠯᠤᠨ᠂ ᠥᠪᠥᠷ ᠮᠣᠩᠭᠣᠯ ᠰᠣᠷᠣᠭ᠍ᠴᠢ᠎ᠶᠢᠨ ᠬᠢᠴᠢᠶᠡᠯ ᠰᠣᠩᠭᠣᠬᠤ ᠶᠢ ᠬᠥᠲᠥᠯᠥᠨ ᠵᠢᠯᠤᠭᠣᠳᠬᠤ᠂ ᠨᠡᠷ᠎ᠡ
ᠮᠡᠳᠡᠭᠦᠯᠬᠦ᠎ᠶᠢ ᠵᠣᠬᠢᠶᠠᠨ ᠪᠠᠶ᠋ᠢᠭᠤᠯᠬᠤ᠂ ᠰᠡᠳᠦᠪ ᠭᠠᠷᠭᠠᠬᠤ ᠲᠥᠯᠥᠪᠯᠡᠭᠡ᠂ ᠰᠢᠯᠭᠠᠯᠲᠠ᠎ᠶᠢ ᠬᠡᠷᠡᠭᠵᠢᠭᠦᠯᠬᠦ᠂
ᠰᠢᠯᠭᠠᠯᠲᠠ ᠬᠢᠨᠠᠬᠤ ᠬᠠᠮᠢᠶᠠᠷᠤᠯᠲᠠ᠂ ᠡᠷᠡᠮᠡᠯᠵᠡᠯ ᠲᠠᠭᠯᠠᠬᠤ ᠦᠢᠯᠡᠴᠢᠯᠡᠭᠡ ᠵᠢᠴᠢ ᠰᠣᠷᠣᠭ᠍ᠴᠢ ᠡᠯᠰᠡᠬᠦ ᠵᠡᠷᠭᠡ
ᠪᠥᠬᠥ ᠬᠡᠯᠬᠢᠶ᠎ᠡ᠎ᠶᠢᠨ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠡᠯ᠎ᠡ ᠵᠦᠢᠯ᠎ᠦᠨ ᠠᠵᠢᠯ᠎ᠢ ᠯᠠᠪᠳᠠᠭᠤᠨ
ᠪᠥᠭᠡᠳ ᠡᠮᠬᠢ ᠵᠢᠷᠤᠮ᠎ᠲᠠᠢ ᠠᠬᠢᠭᠤᠯᠪᠠ᠃ ᠰᠣᠷᠣᠭ᠍ᠴᠢ ᠡᠯᠰᠡᠬᠦ ᠬᠤᠭᠤᠴᠠᠭᠠᠨ᠎ᠳᠤ ᠥᠪᠥᠷ ᠮᠣᠩᠭᠣᠯ ᠤᠯᠤᠰ᠎ᠤᠨ
ᠰᠣᠷᠣᠭ᠍ᠴᠢ ᠡᠯᠰᠡᠬᠦ ᠲᠥᠯᠥᠪᠯᠡᠭᠡ ᠪᠠ ᠰᠣᠷᠣᠭ᠍ᠴᠢ ᠡᠯᠰᠡᠬᠦ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ᠎ᠢ ᠴᠢᠩᠭ᠎ᠠ
ᠬᠡᠷᠡᠭᠵᠢᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ᠎ᠳᠦ 《ᠠᠷᠪᠠ᠎ᠶᠢ ᠴᠢᠩᠭ᠎ᠠ ᠴᠠᠭᠠᠵᠠᠯᠠᠬᠤ》᠂ 《30 ᠥᠯᠥ ᠪᠣᠯᠬᠤ》 《ᠨᠠᠢ᠍ᠮᠠᠨ ᠦᠨᠳᠦᠰᠦᠨ ᠱᠠᠭᠠᠷᠳᠠᠯᠭ᠎ᠠ》 ᠵᠡᠷᠭᠡ ᠰᠠᠬᠢᠯᠭ᠎ᠠ ᠪᠠᠲᠤ᠎ᠶᠢᠨ ᠱᠠᠭᠠᠷᠳᠠᠯᠭ᠎ᠠ᠎ᠶᠢ ᠵᠢᠷᠤᠮᠯᠠᠨ᠂ 《ᠨᠠᠷᠠᠨ ᠬᠡᠷᠡᠯᠳᠤ ᠢᠨᠵᠧᠨᠧᠷᠢᠩ》᠎ᠢ᠋ ᠭᠦᠨᠵᠡᠭᠡᠢ
ᠬᠡᠷᠡᠭᠵᠢᠭᠦᠯᠵᠦ᠂ ᠰᠣᠷᠣᠭ᠍ᠴᠢ ᠡᠯᠰᠡᠬᠦ ᠪᠥᠬᠥ ᠶᠠᠪᠤᠴᠠ ᠨᠢ ᠵᠢᠷᠤᠮᠵᠢᠯ᠎ᠲᠠᠢ ᠪᠥᠭᠡᠳ ᠡᠮᠬᠢ ᠵᠢᠷᠤᠮ᠎ᠲᠠᠢ᠂
ᠠᠮᠤᠷ ᠲᠦᠪᠰᠢᠨ ᠪᠥᠭᠡᠳ ᠲᠣᠭᠲᠠᠭᠤᠨ ᠶᠠᠪᠤᠭᠳᠠᠭᠤᠯᠤᠭᠰᠠᠨ ᠪᠠᠢᠨ᠎ᠠ᠃
ᠥᠪᠥᠷ ᠮᠣᠩᠭᠣᠯ᠎ᠤᠨ ᠡᠷᠡᠮᠡᠯᠵᠡᠯ
ᠲᠠᠭᠯᠠᠬᠤ ᠬᠠᠪᠰᠤᠷᠤᠮᠵᠢ ᠰᠢᠰᠲᠧᠮ᠎ᠢ ᠤᠯᠠᠮ ᠨᠠᠷᠢᠯᠢᠭ᠍ᠵᠢᠭᠤᠯᠤᠨ ᠰᠢᠯᠢᠳᠡᠭᠵᠢᠬᠦᠯᠵᠦ᠂ ᠡᠯ᠎ᠡ ᠱᠠᠲᠤᠨ᠎ᠤ ᠰᠤᠷᠭᠠᠨ
ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠵᠢᠴᠢ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠨᠤᠭᠤᠳ
ᠲᠥᠷᠥ ᠶᠢᠨ ᠪᠣᠳᠣᠯᠭ᠎ᠠ᠎ᠶᠢᠨ ᠲᠠᠢᠯᠤᠮᠵᠢ᠂ ᠡᠷᠡᠮᠡᠯᠵᠡᠯ ᠲᠠᠭᠯᠠᠬᠤ ᠵᠢᠯᠣᠭᠣᠳᠤᠯᠭ᠎ᠠ ᠪᠠ ᠦᠢᠯᠡᠴᠢᠯᠡᠭᠡ᠂ ᠮᠡᠳᠡᠭᠡ
ᠵᠠᠩᠭᠢ ᠵᠢ ᠠᠰᠠᠭᠤᠨ ᠯᠠᠪᠯᠠᠬᠤ ᠵᠡᠷᠭᠡ ᠦᠢᠯᠡᠴᠢᠯᠡᠭᠡᠨ᠎ᠦ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠪᠡ᠃
ᠡᠭᠦᠨ᠎ᠡᠴᠡ ᠭᠠᠳᠠᠨ᠎ᠠ᠂《ᠨᠡᠷᠡᠨ ᠬᠡᠷᠡᠯᠳᠦ ᠡᠷᠡᠮᠡᠯᠵᠡᠯ ᠳᠠᠭᠯᠠᠬᠤ》 ᠬᠠᠪᠰᠤᠷᠤᠨ ᠲᠡᠳᠬᠦᠬᠦ ᠠᠵᠢᠯᠯᠠᠭ᠎ᠠ᠎ᠶᠢᠨ ᠠᠬᠤᠢ ᠳᠠᠯᠠᠪᠠᠢ ᠵᠢᠨ ᠠᠰᠠᠭᠤᠨ ᠯᠠᠪᠯᠠᠬᠤ ᠠᠵᠢᠯᠯᠠᠭ᠎ᠠ᠎ᠶᠢ
ᠥᠷᠨᠢᠭᠦᠯᠵᠦ᠂ ᠶᠠᠮᠤᠨ᠎ᠤ ᠬᠠᠷᠢᠶ᠎ᠠ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ
ᠵᠢᠴᠢ ᠲᠣᠰ ᠭᠠᠵᠠᠷ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠶᠢᠨ ᠲᠤᠰᠬᠠᠢ ᠮᠡᠷᠭᠡᠵᠢᠯᠲᠡᠨ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠣᠣᠯᠯᠠᠭ᠍ᠴᠢ ᠲᠤᠰᠬᠠᠢ ᠮᠡᠷᠭᠡᠵᠢᠯᠲᠡᠨ ᠵᠡᠷᠭᠡ᠎ᠪᠡᠷ
ᠪᠦᠷᠢᠯᠳᠦᠭᠰᠡᠨ ᠲᠤᠰᠬᠠᠢ ᠮᠡᠷᠭᠡᠵᠢᠯᠲᠡᠨ᠎ᠦ ᠪᠦᠯᠬᠦᠮ ᠪᠠᠢᠭᠤᠯᠵᠤ᠂ ᠪᠥᠬᠥ ᠣᠷᠣᠨ᠎ᠤ ᠤᠯᠤᠰ᠎ᠤᠨ ᠬᠥᠳᠡᠭᠡ ᠲᠣᠰᠬᠣᠨ᠎ᠢ
ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ 10 ᠬᠣᠰᠢᠭᠤ ᠰᠢᠶᠠᠨ᠎ᠳᠤ ᠬᠦᠷᠴᠦ᠂
ᠰᠤᠷᠤᠭᠴᠢ ᠡᠯᠰᠡᠬᠦ ᠦᠢᠯᠡᠴᠢᠯᠡᠬᠡ ᠬᠦᠷᠬᠡᠭᠰᠡᠨ ᠪᠠᠢᠨ᠎ᠠ᠃
ᠥᠪᠥᠷ ᠮᠣᠩᠭᠣᠯ ᠤᠨ ᠰᠤᠷᠭᠠᠨ
ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠬᠦᠷᠢᠶᠡᠯᠡᠩ᠎ᠦᠨ ᠰᠠᠨᠠᠭᠤᠯᠤᠭᠰᠠᠨ ᠵᠢᠡᠷ᠂ 2026 ᠣᠨ᠎ᠤ
ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ ᠠᠵᠢᠯ ᠨᠢᠭᠡᠨᠲᠡ ᠳᠠᠭᠤᠰᠴᠤ᠂ ᠨᠥᠬᠥᠨ
ᠡᠯᠰᠡᠬᠦ ᠭᠣᠭᠴᠣᠭ᠎ᠠ ᠲᠣᠬᠢᠷᠠᠭᠤᠯᠤᠭᠰᠠᠨ ᠦᠭᠡᠢ᠃ ᠰᠢᠯᠭᠠᠭᠤᠯᠤᠭ᠍ᠰᠠᠳ ᠡᠷᠬᠡᠪᠰᠢ ᠥᠪᠥᠷ ᠮᠣᠩᠭᠣᠯ᠎ᠤᠨ ᠰᠤᠷᠤᠭ᠍ᠴᠢ
ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠠᠯᠪᠠᠨ᠎ᠤ ᠲᠠᠯ᠎ᠠ᠎ᠶᠢᠨ ᠠᠷᠭ᠎ᠠ ᠵᠠᠮ᠎ᠢᠶᠠᠷ
ᠰᠤᠷᠤᠭ᠍ᠴᠢ ᠡᠯᠰᠡᠬᠦ ᠮᠡᠳᠡᠭᠡ ᠵᠠᠩᠭᠢ᠎ᠪᠠᠨ ᠯᠠᠪᠯᠠᠵᠤ᠂ ᠮᠡᠬᠡᠯᠡᠭᠳᠡᠬᠦ᠎ᠡᠴᠡ ᠰᠡᠷᠭᠡᠢᠯᠡᠬᠦ ᠬᠡᠷᠡᠭᠲᠡᠢ ᠬᠡᠪᠡ᠃