8 ᠰᠠᠷ᠎ᠠ᠎ᠶᠢᠨ 18 ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ᠎ᠲᠤ ᠢᠷᠡᠭᠰᠡᠨ ᠡᠺᠦ᠋ᠸᠠᠳᠣᠷ᠎ᠤᠨ ᠶᠡᠷᠦᠩᠬᠡᠢᠯᠡᠭᠴᠢ ᠨᠦᠸᠸᠶᠠ ᠲᠠᠢ ᠬᠡᠯᠡᠯᠴᠡᠭᠡ ᠬᠢᠪᠡ᠃
ᠰᠢ ᠵᠢᠨ ᠫᠢᠩ᠂ ᠡᠨᠡ ᠵᠢᠯ ᠪᠣᠯ ᠳᠤᠮᠳᠠᠳᠤ ᠡᠺᠦ᠋ᠸᠠᠳᠣᠷ ᠬᠣᠶᠠᠷ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭᠰᠠᠨ 10 ᠵᠢᠯ᠎ᠦᠨ ᠤᠢ ᠪᠣᠯᠣᠨ᠎ᠠ᠃ ᠳᠡᠯᠡᠬᠡᠢ᠎ᠶᠢᠨ ᠪᠠᠢᠳᠠᠯ᠎ᠳᠤ ᠶᠠᠮᠠᠷ ᠬᠤᠪᠢᠷᠠᠯᠲᠠ ᠭᠠᠷᠤᠭᠰᠠᠨ ᠴᠤ᠌ ᠳᠤᠮᠳᠠᠳᠤ ᠤᠯᠤᠰ ᠢᠮᠠᠭᠲᠠ ᠪᠠᠢᠯᠳᠤᠬᠤ ᠪᠣᠳᠣᠯᠭ᠎ᠠ᠎ᠶᠢᠨ ᠥᠨᠳᠥᠷᠴᠡ ᠪᠣᠯᠣᠨ ᠠᠯᠤᠰ ᠬᠡᠳᠤ᠎ᠶᠢᠨ ᠬᠠᠷᠠᠭᠠᠰᠤ ᠡᠴᠡ ᠳᠤᠮᠳᠠᠳᠤ ᠡᠺᠦ᠋ᠸᠠᠳᠣᠷ᠎ᠤᠨ ᠬᠠᠷᠢᠯᠴᠠᠭ᠎ᠠ᠎ᠳᠤ ᠬᠠᠨᠳᠤᠵᠤ᠂ ᠳᠤᠷᠠᠲᠠᠶ᠎ᠠ ᠡᠺᠦ᠋ᠸᠠᠳᠣᠷ᠎ᠤᠨ ᠬᠢᠨ᠎ᠲᠠᠢ ᠬᠠᠮᠲᠤ᠎ᠪᠠᠷ ᠴᠢᠷᠮᠠᠢᠵᠤ᠂ ᠬᠣᠶᠠᠷ ᠲᠠᠯ᠎ᠠ᠎ᠶᠢᠨ ᠬᠠᠷᠢᠯᠴᠠᠭ᠎ᠠ᠎ᠶᠢᠨ ᠲᠠᠰᠤᠷᠠᠯᠳᠡ ᠦᠭᠡᠢ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠡᠺᠦ᠋ᠸᠠᠳᠣᠷ ᠬᠣᠶᠠᠷ ᠲᠠᠯ᠎ᠠ᠎ᠪᠠᠷ᠎ᠢᠶᠠᠨ ᠤᠯᠤᠰ ᠲᠦᠷᠦ᠎ᠶᠢᠨ ᠢᠲᠡᠭᠡᠯᠴᠡᠭᠡ᠎ᠪᠡᠨ ᠪᠡᠬᠢᠵᠢᠭᠦᠯᠵᠦ᠂ ᠲᠤᠰ ᠲᠤᠰ᠎ᠤᠨ᠎ᠢᠶᠠᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠣᠢᠯᠠᠭᠠᠯᠴᠠᠨ ᠳᠡᠮᠵᠢᠯᠴᠡᠶ᠎ᠡ᠃ ᠳᠤᠮᠳᠠᠳᠤ ᠤᠯᠤᠰ ᠡᠺᠦ᠋ᠸᠠᠳᠣᠷ᠎ᠤᠨ ᠬᠢᠨ᠎ᠦ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭᠰᠡᠨ ᠬᠥᠭᠵᠢᠯᠲᠡ᠎ᠶᠢᠨ ᠵᠠᠮ᠎ᠢ ᠰᠦᠪᠡᠭᠴᠢᠯᠡᠬᠦ᠎ᠶᠢ ᠬᠦᠨᠳᠦᠳᠬᠡᠨ ᠳᠡᠮᠵᠢᠵᠦ᠂ ᠳᠤᠷᠠᠲᠠᠶ᠎ᠠ ᠬᠣᠶᠠᠷ ᠤᠯᠤᠰ᠎ᠤᠨ ᠵᠠᠰᠠᠭ᠎ᠤᠨ ᠣᠷᠳᠣᠨ᠂ ᠬᠠᠤᠯᠢ ᠲᠣᠭᠲᠠᠭᠠᠬᠤ ᠪᠠᠢᠭᠤᠯᠤᠮᠵᠢ᠂ ᠲᠦᠷᠦ᠎ᠶᠢᠨ ᠨᠠᠮ ᠵᠡᠷᠭᠡ ᠡᠯ᠎ᠡ ᠬᠦᠷᠢᠶᠡᠨ᠎ᠦ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠪᠠᠨ ᠴᠢᠩᠭᠠᠳᠬᠠᠵᠤ᠂ ᠲᠤᠰ ᠲᠤᠰ᠎ᠤᠨ ᠤᠯᠤᠰ᠎ᠤᠨ᠎ᠢᠶᠠᠨ ᠣᠳᠣᠬᠢᠴᠢᠯᠠᠯᠲᠠ᠎ᠶᠢ ᠪᠡᠶᠡᠯᠡᠭᠦᠯᠬᠦ ᠵᠠᠮ ᠳᠡᠭᠡᠷ᠎ᠡ ᠭᠠᠷ ᠬᠣᠯᠪᠣᠨ ᠬᠠᠮᠲᠤ᠎ᠪᠠᠷ ᠤᠷᠤᠭᠰᠢᠯᠠᠨ᠎ᠠ᠃ ᠳᠤᠮᠳᠠᠳᠤ ᠡᠺᠦ᠋ᠸᠠᠳᠣᠷ᠎ᠤᠨ ᠬᠠᠷᠢᠯᠴᠠᠭ᠎ᠠ ᠠᠯᠢ ᠤᠯᠠᠨ ᠰᠢᠨ᠎ᠡ ᠠᠬᠢᠴᠠ᠎ᠲᠠᠢ ᠪᠤᠯᠤᠭᠰᠠᠨ ᠨᠢ ᠬᠣᠶᠠᠷ ᠤᠯᠤᠰ᠎ᠤᠨ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠡᠴᠡ ᠣᠯᠭᠣᠭᠰᠠᠨ ᠴᠡᠪᠡᠷ ᠠᠰᠢᠭ᠋ ᠪᠣᠯᠬᠤ᠎ᠪᠠᠷ ᠪᠠᠷᠠᠬᠤ ᠦᠭᠡᠢ ᠪᠠᠰᠠ ᠳᠤᠮᠳᠠᠳᠤ ᠤᠯᠤᠰ᠎ᠤᠨ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠯᠳᠠ ᠬᠦᠴᠦᠨ᠎ᠢ ᠢᠯᠡᠷᠡᠭᠦᠯᠪᠡ᠃ ᠬᠣᠶᠠᠷ ᠲᠠᠯ᠎ᠠ᠎ᠪᠠᠷ᠎ᠢᠶᠠᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠬᠠᠮᠲᠤᠷᠠᠯᠴᠠᠭᠠᠨ᠎ᠤ ᠲᠥᠯᠦᠪᠵᠢᠭᠦᠯᠭᠡ᠎ᠶᠢ ᠨᠠᠢᠳᠠᠪᠤᠷᠢᠵᠢᠭᠤᠯᠵᠤ᠂ ᠡᠨᠧᠷᠭᠢ᠂ ᠠᠭᠤᠷᠬᠠᠢ᠎ᠶᠢᠨ ᠭᠠᠷᠤᠯᠲᠠ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠮᠥᠩᠭᠥᠨ ᠭᠦᠢᠯᠭᠡᠭᠡ ᠵᠡᠷᠭᠡ ᠬᠠᠮᠲᠤᠷᠠᠯᠴᠠᠭᠠᠨ᠎ᠤ ᠳᠦᠷᠦᠯ ᠵᠦᠢᠯ᠎ᠢ ᠰᠠᠢᠲᠤᠷ ᠬᠡᠷᠡᠭᠵᠢᠭᠦᠯᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ᠂ ᠰᠢᠨ᠎ᠡ ᠡᠨᠧᠷᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶᠢ ᠢᠳᠡᠪᠬᠢᠲᠡᠢ ᠰᠦᠪᠡᠭᠴᠢᠯᠡᠵᠦ᠂ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠦᠨ ᠳᠠᠯᠳᠠ ᠬᠦᠴᠦᠨ᠎ᠢ ᠦᠷᠭᠦᠯᠵᠢᠯᠡᠨ ᠠᠭᠤᠳᠠᠯᠵᠤ᠂ ᠴᠢᠯᠦᠭᠡᠲᠦ ᠠᠷᠠᠯᠵᠢᠶᠠᠨ᠎ᠤ ᠴᠡᠪᠡᠷ ᠠᠰᠢᠭ᠋᠎ᠢ ᠨᠡᠩ ᠤᠯᠠᠨ ᠠᠵᠤ ᠠᠬᠤᠢᠯᠠᠯ ᠪᠣᠯᠣᠨ ᠬᠡᠷᠡᠭᠯᠡᠭᠴᠢᠳ᠎ᠲᠦ ᠬᠦᠷᠲᠡᠭᠡᠶ᠎ᠡ᠃ ᠳᠤᠮᠳᠠᠳᠤ᠎ᠶᠢᠨ ᠬᠢᠨ ᠳᠤᠷᠠᠲᠠᠶ᠎ᠠ ᠡᠺᠦ᠋ᠸᠠᠳᠣᠷ᠎ᠤᠨ ᠬᠢᠨ ᠲᠠᠢ ᠡᠮᠴᠢᠯᠡᠭᠡ ᠡᠷᠡᠭᠦᠯ ᠬᠠᠮᠠᠭᠠᠯᠠᠯ᠂ ᠶᠠᠳᠠᠭᠤ᠎ᠶᠢ ᠲᠡᠳᠬᠦᠵᠦ ᠶᠠᠳᠠᠭᠤ᠎ᠶᠢ ᠴᠦᠭᠡᠳᠭᠡᠬᠦ᠂ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠵᠡᠷᠭᠡ ᠬᠦᠷᠢᠶᠡᠨ᠎ᠦ ᠬᠠᠮᠲᠤᠷᠠᠯᠴᠠᠭᠠᠥᠷᠨᠢᠭᠦᠯᠵᠦ᠂ ᠡᠺᠦ᠋ᠸᠠᠳᠣᠷ᠎ᠤᠨ ᠤᠯᠤᠰ᠎ᠤᠨ ᠬᠥᠭᠵᠢᠯᠲᠡ᠎ᠶᠢ ᠳᠡᠮᠵᠢᠨ᠎ᠡ᠃ ᠬᠣᠶᠠᠷ ᠲᠠᠯ᠎ᠠ᠎ᠪᠠᠷ᠎ᠢᠶᠠᠨ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ᠂ ᠪᠡᠶ᠎ᠡ᠎ᠶᠢᠨ ᠲᠠᠮᠢᠷ᠂ ᠣᠷᠣᠨ ᠨᠤᠲᠤᠭ᠎ᠤᠨ ᠰᠣᠯᠢᠯᠴᠠᠭ᠎ᠠ᠎ᠪᠠᠨ ᠴᠢᠩᠭᠠᠳᠬᠠᠵᠤ᠂ ᠬᠥᠮᠥᠰ᠎ᠦᠨ ᠶᠠᠪᠤᠯᠴᠠᠭ᠎ᠠ᠎ᠳᠤ ᠲᠦᠬᠦᠮ ᠦᠵᠡᠭᠦᠯᠵᠦ᠂ ᠬᠣᠶᠠᠷ ᠤᠯᠤᠰ᠎ᠤᠨ ᠨᠥᠬᠥᠷᠯᠡᠯ᠎ᠢ ᠵᠤᠵᠠᠭᠠᠳᠬᠠᠶ᠎ᠠ ᠭᠡᠵᠦ ᠴᠢᠬᠤᠯᠠᠴᠢᠯᠠᠪᠠ᠃
ᠨᠦᠸᠸᠶᠠ᠂ ᠳᠤᠮᠳᠠᠳᠤ ᠤᠯᠤᠰ ᠪᠣᠯ ᠡᠺᠦ᠋ᠸᠠᠳᠣᠷ᠎ᠤᠨ ᠴᠢᠬᠤᠯᠠ ᠬᠠᠨᠢᠲᠠᠨ ᠪᠠ ᠨᠠᠢᠵᠠ ᠮᠥᠨ᠂ ᠲᠡᠷᠢᠭᠦᠯᠡᠭᠴᠢ ᠰᠢ ᠵᠢᠨ ᠫᠢᠩ ᠪᠣᠯ ᠠᠭᠤᠤ ᠶᠡᠬᠡ ᠤᠳᠤᠷᠢᠳᠬᠤ ᠬᠥᠮᠥᠨ ᠮᠥᠨ᠃ ᠬᠣᠶᠠᠷ ᠲᠠᠯ᠎ᠠ᠎ᠶᠢᠨ ᠬᠠᠮᠲᠤ᠎ᠶᠢᠨ ᠴᠢᠷᠮᠠᠢᠯᠭ᠎ᠠ᠎ᠪᠠᠷ ᠡᠺᠦ᠋ᠸᠠᠳᠣᠷ ᠳᠤᠮᠳᠠᠳᠤ᠎ᠶᠢᠨ ᠬᠠᠷᠢᠯᠴᠠᠭ᠎ᠠ ᠰᠢᠨ᠎ᠡ ᠱᠠᠲᠤᠨ᠎ᠳᠤ ᠣᠷᠣᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠠᠵᠠ ᠵᠢᠷᠭᠠᠯ ᠠᠪᠴᠢᠷᠠᠵᠠᠢ᠃ ᠡᠺᠦ᠋ᠸᠠᠳᠣᠷ᠎ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠰ ᠲᠦᠷᠦ᠎ᠶᠢᠨ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ᠎ᠦᠨ ᠪᠦᠷᠢᠨ ᠪᠦᠲᠦᠨ᠎ᠢᠶᠡᠨ ᠬᠠᠮᠠᠭᠠᠯᠠᠬᠤ᠎ᠶᠢ ᠳᠡᠮᠵᠢᠵᠦ᠂ ᠳᠤᠮᠳᠠᠳᠤ ᠤᠯᠤᠰ᠎ᠤᠨ ᠲᠠᠢᠸᠠᠨ᠎ᠤ ᠠᠰᠠᠭᠤᠳᠠᠯ ᠳᠡᠭᠡᠷᠡᠬᠢ ᠵᠣᠭᠰᠣᠯᠲᠠ᠎ᠶᠢ ᠬᠦᠨᠳᠦᠳᠬᠡᠨ᠎ᠡ᠃ ᠡᠺᠦ᠋ᠸᠠᠳᠣᠷ᠎ᠤᠨ ᠬᠢᠨ ᠳᠤᠮᠳᠠᠳᠤ ᠤᠯᠤᠰ ᠯᠤᠭ᠎ᠠ᠎ᠶᠢᠨ ᠬᠠᠮᠲᠤᠷᠠᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠬᠣᠶᠠᠷ ᠲᠠᠯ᠎ᠠ᠎ᠶᠢᠨ ᠠᠵᠤ ᠠᠬᠤᠢ ᠠᠷᠠᠯᠵᠢᠶ᠎ᠠ᠂ ᠮᠥᠩᠭᠥᠨ ᠭᠦᠢᠯᠭᠡᠭᠡ᠂ ᠠᠭᠤᠷᠬᠠᠢ᠎ᠶᠢᠨ ᠭᠠᠷᠤᠯᠲᠠ᠂ ᠳᠠᠬᠢᠨ ᠡᠭᠦᠰᠴᠦ ᠪᠤᠯᠬᠤ ᠡᠨᠧᠷᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠡᠷᠭᠡ ᠬᠦᠷᠢᠶᠡᠨ᠎ᠦ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠳᠤᠮᠳᠠᠳᠤ ᠤᠯᠤᠰ᠎ᠲᠠᠬᠢ ᠭᠠᠳᠠᠭᠠᠳᠤ ᠭᠠᠷᠭᠠᠯᠲᠠ᠎ᠪᠠᠨ ᠥᠷᠭᠡᠳᠬᠡᠨ᠎ᠡ᠂ ᠳᠤᠮᠳᠠᠳᠤ ᠤᠯᠤᠰ᠎ᠤᠨ ᠨᠡᠩ ᠤᠯᠠᠨ ᠠᠵᠤ ᠠᠬᠤᠢᠯᠠᠯ ᠡᠺᠦ᠋ᠸᠠᠳᠣᠷ ᠲᠦ᠍ ᠬᠦᠷᠴᠦ ᠪᠡᠯᠡ ᠣᠷᠣᠭᠤᠯᠤᠨ ᠦᠢᠯᠡᠰ᠎ᠢᠶᠡᠨ ᠬᠥᠭᠵᠢᠭᠦᠯᠵᠦ᠂ ᠡᠺᠦ᠋ᠸᠠᠳᠣᠷ᠎ᠤᠨ ᠬᠢᠨ ᠤ᠋ ᠠᠷᠠᠳ᠎ᠤᠨ ᠠᠮᠢᠳᠤᠷᠠᠯ᠎ᠢ ᠰᠠᠢᠵᠢᠷᠠᠭᠤᠯᠵᠤ᠂ ᠤᠯᠤᠰ ᠵᠢᠡᠨ ᠬᠦᠭᠵᠢᠬᠦᠯᠬᠦ᠎ᠳᠦ ᠬᠦᠴᠦᠨ ᠨᠡᠮᠡᠷᠢᠯᠡᠬᠦ ᠵᠢ ᠪᠠᠶᠠᠷᠯᠠᠨ ᠤᠭᠲᠤᠵᠤ ᠪᠠᠢᠨ᠎ᠠ ᠭᠡᠵᠦ ᠢᠯᠡᠳᠬᠡᠪᠡ᠃
ᠬᠣᠶᠠᠷ ᠤᠯᠤᠰ᠎ᠤᠨ ᠲᠡᠷᠢᠭᠦᠨ ᠯᠠᠲ᠋ᠢᠨ ᠠᠮᠧᠷᠢᠺᠠ ᠪᠠ ᠺᠠᠷᠢᠪᠸ ᠣᠷᠣᠨ᠎ᠤ ᠪᠠᠢᠳᠠᠯ᠎ᠤᠨ ᠲᠤᠬᠠᠢ ᠰᠠᠨᠠᠯ᠎ᠢᠶᠠᠨ ᠰᠣᠯᠢᠯᠴᠠᠪᠠ᠃ ᠰᠢ ᠵᠢᠨ ᠫᠢᠩ᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠠ ᠺᠠᠷᠢᠪᠸ᠎ᠶᠢᠨ ᠡᠩᠬᠡ ᠲᠠᠢᠪᠤᠩ᠎ᠤᠨ ᠣᠷᠣᠨ᠎ᠤ ᠪᠠᠢᠷᠢ ᠰᠠᠭᠤᠷᠢ ᠵᠢ ᠭᠤᠢᠪᠢᠯᠵᠠᠭᠤᠯᠵᠤ ᠪᠣᠯᠬᠤ ᠦᠭᠡᠢ᠂ ᠯᠠᠲ᠋ᠢᠨ ᠠᠮᠧᠷᠢᠺᠠ ᠪᠠ ᠺᠠᠷᠢᠪᠸ᠎ᠶᠢᠨ ᠤᠯᠤᠰ᠎ᠤᠳ᠎ᠤᠨ ᠬᠥᠭᠵᠢᠯ ᠮᠠᠨᠳᠤᠯ᠎ᠤᠨ ᠵᠠᠮ᠎ᠢ ᠲᠠᠰᠤᠯᠵᠤ ᠪᠣᠯᠬᠤ ᠦᠭᠡᠢ᠂ ᠯᠠᠲ᠋ᠢᠨ ᠠᠮᠧᠷᠢᠺᠠ ᠪᠠ ᠺᠠᠷᠢᠪᠸ᠎ᠶᠢᠨ ᠤᠯᠤᠰ᠎ᠤᠳ᠎ᠤᠨ ᠪᠡᠶ᠎ᠡ᠎ᠪᠡᠨ ᠳᠠᠭᠠᠭᠠᠵᠤ ᠬᠠᠮᠲᠤᠷᠠᠯᠴᠠᠭᠠᠨ᠎ᠤ ᠬᠠᠨᠢᠲᠠᠨ᠎ᠢᠶᠠᠨ ᠰᠣᠩᠭᠣᠬᠤ ᠡᠷᠬᠡ᠎ᠳᠦ ᠭᠠᠷ ᠳᠦᠷᠦᠵᠦ ᠪᠣᠯᠬᠤ ᠦᠭᠡᠢ ᠭᠡᠵᠦ ᠰᠠᠨᠠᠭᠠᠴᠢᠯᠠᠭᠰᠠᠭᠠᠷ ᠢᠷᠡᠵᠠᠢ᠃ ᠳᠤᠮᠳᠠᠳᠤ ᠤᠯᠤᠰ ᠯᠠᠲ᠋ᠢᠨ ᠠᠮᠧᠷᠢᠺᠠ᠎ᠶᠢᠨ ᠤᠯᠤᠰ᠎ᠤᠳ᠎ᠤᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ ᠪᠠᠨ ᠪᠠᠷᠢᠮᠲᠠᠯᠠᠵᠤ᠂ ᠲᠤᠰ ᠤᠯᠤᠰ᠎ᠤᠨ᠎ᠢᠶᠠᠨ ᠠᠰᠢᠭ᠋ ᠲᠤᠰᠠ ᠡᠴᠡ ᠡᠭᠦᠰᠦᠨ ᠭᠠᠳᠠᠭᠠᠳᠤ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ᠎ᠤ ᠡᠩᠬᠡ ᠲᠠᠢᠪᠤᠩ ᠲᠣᠭᠲᠠᠭᠤᠨ ᠪᠠᠢᠳᠠᠯ᠎ᠢᠶᠡᠨ ᠬᠠᠮᠠᠭᠠᠯᠠᠬᠤ᠎ᠶᠢ ᠳᠡᠮᠵᠢᠨ᠎ᠡ ᠭᠡᠵᠦ ᠴᠢᠬᠤᠯᠠᠴᠢᠯᠠᠪᠠ᠃ ᠨᠦᠸᠸᠶᠠ᠂ ᠡᠺᠦ᠋ᠸᠠᠳᠣᠷ᠎ᠤᠨ ᠬᠢᠨ ᠳᠤᠮᠳᠠᠳᠤ ᠤᠯᠤᠰ᠎ᠤᠨ ᠵᠣᠭᠰᠣᠯᠲᠠ ᠪᠣᠯᠣᠨ ᠦᠢᠯᠡᠳᠦᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠢᠮᠠᠭᠲᠠ ᠳᠤᠮᠳᠠᠳᠤ ᠤᠯᠤᠰ᠎ᠤᠨ ᠨᠣᠮᠣᠬᠠᠨ ᠲᠠᠯᠠᠢ᠎ᠶᠢᠨ ᠨᠦᠬᠦᠭᠡ ᠡᠷᠬᠢ᠎ᠳᠠᠬᠢ ᠰᠠᠢᠨ ᠨᠠᠢᠵᠠ ᠪᠣᠯᠣᠨ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭᠰᠡᠨ᠎ᠦ ᠲᠠᠷᠠᠭ᠎ᠠ ᠬᠣᠶᠠᠷ ᠤᠯᠤᠰ᠎ᠤᠨ ᠲᠡᠷᠢᠭᠦᠨ ᠪᠣᠬᠢᠷᠲᠤᠯ ᠦᠭᠡᠢ ᠠᠵᠤ ᠦᠢᠯᠡᠰ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠂ ᠲᠣᠭᠠᠴᠢᠯᠠᠭᠰᠠᠨ ᠠᠵᠤ ᠠᠬᠤᠢ᠂ ᠠᠷᠠᠳ᠎ᠤᠨ ᠠᠮᠢᠳᠤᠷᠠᠯ ᠵᠡᠷᠭᠡ ᠬᠦᠷᠢᠶᠡᠨ᠎ᠦ ᠤᠯᠠᠨ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃
ᠬᠡᠯᠡᠯᠴᠡᠭᠡ ᠬᠢᠬᠦ᠎ᠡᠴᠡ ᠡᠮᠦᠨ᠎ᠡ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠨᠦᠸᠸᠶᠠ ᠶ᠋ᠢ ᠤᠭᠲᠤᠬᠤ ᠶᠣᠰᠣᠯᠠᠯ ᠶᠠᠪᠤᠭᠤᠯᠪᠠ᠃
ᠨᠦᠸᠸᠶᠠ ᠬᠦᠷᠴᠦ ᠢᠷᠡᠬᠦ ᠦᠶ᠎ᠡ᠎ᠳᠦ ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠰᠢᠯᠭᠠᠨ ᠦᠵᠡᠬᠦ ᠲᠠᠢᠰᠠᠨ᠎ᠳᠤ ᠭᠠᠷᠴᠤ᠂ ᠴᠡᠷᠢᠭ᠎ᠦᠨ ᠬᠥᠭᠵᠢᠮ᠎ᠦᠨ ᠪᠦᠯᠬᠦᠮ ᠳᠤᠮᠳᠠᠳᠤ ᠡᠺᠦ᠋ᠸᠠᠳᠣᠷ ᠬᠣᠶᠠᠷ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠵᠦ᠂ ᠲᠢᠶᠠᠨ ᠠᠨ ᠮᠸᠨ ᠠᠭᠤᠳᠠᠮ ᠲᠠᠯᠠᠪᠠᠢ᠎ᠳᠤ ᠶᠣᠰᠣᠯᠠᠯ᠎ᠤᠨ ᠫᠤᠤ᠎ᠶᠢ 21 ᠤᠳᠠᠭ᠎ᠠ ᠳᠤᠤᠭᠠᠷᠭᠠᠪᠠ᠃ ᠨᠦᠸᠸᠶᠠ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠶᠣᠰᠣᠯᠠᠯ᠎ᠤᠨ ᠠᠩᠭᠢ᠎ᠶᠢ ᠰᠢᠯᠭᠠᠨ ᠦᠵᠡᠭᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃
ᠲᠤᠰ ᠣᠷᠣᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭᠠᠯ ᠲᠢᠩᠬᠢᠮ᠎ᠳᠦ ᠨᠦᠸᠸᠶᠠ ᠶ᠋ᠢ ᠤᠭᠲᠤᠬᠤ ᠳᠠᠶ᠋ᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶᠢᠨ 18 ᠤ᠋ ᠴᠠᠬᠢᠯᠭᠠᠨ ᠮᠡᠳᠡᠭᠡ)