ᠪᠠᠶᠠᠨᠨᠠᠭᠤᠷ ᠬᠣᠲᠠ ᠵᠤᠨ᠎ᠤ᠋ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠢ ᠪᠦᠬᠦ ᠬᠦᠴᠦ᠎ᠪᠡᠷ ᠪᠠᠲᠤᠯᠠᠵᠤ ᠪᠤᠢ
2026-08-19 10:47:54
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠪᠤᠷᠤᠳᠤᠬᠤᠢ ᠤᠷᠤᠨ᠎ᠤ ᠪᠤᠭᠤᠳᠠᠢ᠎ᠬᠤᠷᠢᠶᠠᠬᠤ ᠠᠵᠢᠯ ᠳᠠᠭᠤᠰᠬᠤ᠎ᠶ᠋ᠢ ᠳᠠᠭᠠᠯᠳᠤᠨ᠂ ᠪᠠᠶᠠᠨᠨᠠᠭᠤᠷ ᠬᠣᠲᠠ᠎ᠶ᠋ᠢᠨ ᠵᠤᠨ᠎ᠤ᠋ ᠠᠮᠤ ᠪᠤᠳᠠᠭ᠎ᠠ ᠬᠤᠳᠠᠯᠳᠤᠨ ᠠᠪᠬᠤ ᠠᠵᠢᠯ ᠣᠷᠭᠢᠯ᠎ᠤ᠋ᠨ ᠱᠠᠲᠤᠨ᠎ᠳ᠋ᠠᠭᠠᠨ ᠣᠷᠣᠵᠤ᠂ ᠡᠯ᠎ᠡ ᠭᠠᠵᠠᠷ ᠰᠠᠩ ᠬᠥᠮᠥᠷᠭᠡ᠂ ᠪᠡᠯᠡ ᠮᠥᠩᠭᠥ᠂ ᠦᠢᠯᠡᠴᠢᠯᠡᠭᠡ᠎ᠶ᠋ᠢᠨ ᠪᠠᠲᠤᠯᠠᠭ᠎ᠠ᠎ᠪᠠᠨ ᠰᠠᠢᠲᠤᠷ ᠬᠢᠵᠦ᠂ ᠲᠠᠷᠢᠶᠠᠴᠢᠳ᠎ᠤᠨ ᠠᠮᠤ ᠪᠤᠳᠠᠭ᠎ᠠ ᠪᠠᠨ ᠰᠠᠨᠠᠭ᠎ᠠ ᠠᠮᠤᠷ ᠬᠤᠳᠠᠯᠳᠤᠬᠤ ᠵᠢ ᠪᠦᠬᠦ ᠬᠦᠴᠦ ᠪᠡᠷ ᠪᠠᠲᠤᠯᠠᠵᠤ ᠪᠠᠢᠨ᠎ᠠ᠃

ᠤᠢᠷ᠎ᠠ᠎ᠳᠤ᠂ ᠰᠤᠷᠪᠤᠯᠵᠢᠯᠠᠭᠴᠢ ᠥᠪᠥᠷ ᠮᠣᠩᠭᠣᠯ᠎ᠤ᠋ᠨ ᠾᠧᠩ ᠹᠧᠩ ᠪᠦᠯᠦᠭᠯᠡᠯ᠎ᠦ᠋ᠨ ᠠᠮᠤ ᠪᠤᠳᠠᠭᠠᠨ᠎ᠤ᠋ ᠬᠥᠮᠥᠷᠭᠡᠨ᠎ᠳ᠋ᠦ᠍ ᠬᠦᠷᠬᠦ᠎ᠳᠤ ᠠᠴᠢᠶ᠎ᠠ ᠲᠦᠭᠦᠷᠡᠩ ᠪᠤᠭᠤᠳᠠᠢ ᠲᠡᠭᠡᠭᠡᠭᠰᠡᠨ ᠲᠡᠭᠡᠭᠡᠪᠦᠷᠢ᠎ᠶᠢᠨ ᠮᠠᠰᠢᠨ ᠡᠮᠬᠢ ᠲᠢᠭᠯᠢᠮ᠎ᠲᠠᠢ᠎ᠮᠦᠷᠯᠡᠭᠡᠳ᠂ ᠠᠮᠤ ᠪᠤᠳᠠᠭ᠎ᠠ ᠬᠤᠷᠢᠶᠠᠬᠤ ᠴᠡᠭ᠎ᠲᠤ ᠬᠦᠷᠴᠦ᠂ ᠦᠯᠢᠭᠡᠷ ᠠᠪᠬᠤ᠂ ᠴᠢᠨᠠᠷ᠎ᠤ᠋ᠨ ᠪᠠᠢᠴᠠᠭᠠᠯᠲᠠ ᠬᠢᠬᠦ ᠵᠡᠷᠭᠡ ᠠᠵᠢᠯ᠎ᠢ᠋ ᠪᠡᠶᠡᠯᠡᠭᠦᠯᠦᠭᠰᠡᠨ᠎ᠤ ᠲᠠᠷᠠᠭ᠎ᠠ᠂ ᠵᠢᠩᠯᠡᠭᠦᠷ ᠦᠩᠭᠡᠷᠡᠨ ᠲᠠᠩᠰᠠ ᠪᠠᠨ ᠪᠤᠳᠤᠵᠤ᠂ ᠪᠦᠬᠦ ᠠᠷᠠᠯᠵᠢᠶᠠᠯᠠᠬᠤ ᠶᠠᠪᠤᠴᠠ ᠦᠨᠳᠦᠷ ᠪᠦᠲᠦᠮᠵᠢᠲᠡᠢ ᠶᠠᠪᠤᠭᠳᠠᠵᠤ ᠪᠠᠢᠯ᠎ᠠ᠃

ᠡᠨᠡ ᠵᠢᠯ ᠯᠢᠨ ᠾᠧ ᠲᠣᠭᠣᠷᠢᠭ᠎ᠤ᠋ᠨ ᠱᠤᠸᠠᠩ ᠾᠧ ᠪᠠᠯᠭᠠᠰᠤᠨ᠎ᠤ᠋ ᠵᠢᠨ ᠪᠦ ᠲᠣᠰᠬᠣᠨ 260 ᠮᠦ᠍ ᠪᠤᠭᠤᠳᠠᠢ ᠵᠢ ᠨᠢᠭᠡᠳᠦᠯᠲᠡᠢ᠎ᠲᠠᠷᠢᠵᠤ᠂ ᠮᠦ᠍ ᠪᠦᠷᠢ᠎ᠶ᠋ᠢᠨ ᠤᠨᠠᠯᠲᠠ ᠨᠢ 1000 ᠵᠢᠩ᠎ᠢ᠋ ᠳᠠᠪᠠᠨ᠂ ᠥᠪᠥᠷ ᠮᠣᠩᠭᠣᠯ᠎ᠤ᠋ᠨ ᠾᠧᠩ ᠹᠧᠩ ᠪᠦᠯᠦᠭᠯᠡᠯ᠎ᠲᠡᠢ ᠬᠤᠳᠠᠯᠳᠤᠨ ᠠᠪᠬᠤ ᠵᠠᠬᠢᠶᠠᠯᠠᠭ᠎ᠠ᠎ᠶ᠋ᠢᠨ ᠵᠦᠪᠳᠡᠯᠴᠡᠭᠡᠷ ᠲᠣᠭᠲᠠᠵᠠᠢ᠃ ᠪᠤᠭᠤᠳᠠᠢ ᠪᠠᠨ ᠬᠤᠷᠢᠶᠠᠵᠤ ᠲᠠᠭᠤᠰᠤᠮᠠᠭᠴᠠ᠂ ᠲᠣᠰᠬᠣᠨ᠎ᠤ᠋ ᠨᠠᠮ᠎ᠤ᠋ᠨ ᠡᠭᠦᠷ᠎ᠦ᠋ᠨ ᠱᠦᠵᠢ ᠴᠧᠨ ᠮᠣᠤ ᠸᠧᠢ ᠡᠩ ᠲᠡᠷᠢᠭᠦᠨ᠎ᠳ᠋ᠦ᠍ ᠪᠤᠭᠤᠳᠠᠢ᠎ᠪᠠᠨ ᠠᠵᠤ ᠠᠬᠤᠢᠯᠠᠯ᠎ᠳ᠋ᠦ᠍ ᠲᠡᠭᠡᠭᠡᠪᠦᠷᠢᠯᠡᠨ ᠠᠪᠠᠴᠢᠭᠠᠳ ᠬᠤᠳᠠᠯᠳᠤᠪᠠ᠃ 《ᠪᠤᠭᠤᠳᠠᠢ᠎ᠶ᠋ᠢᠨ ᠵᠠᠬᠢᠶᠠᠯᠠᠭ᠎ᠠ᠎ᠶ᠋ᠢᠨ ᠦᠨ᠎ᠡ ᠨᠢ ᠵᠢᠩ ᠪᠦᠷᠢ᠎ᠳ᠋ᠡᠭᠡᠨ 1.55 ᠲᠥᠭᠥᠷᠢᠭ ᠲᠦ᠍ ᠬᠦᠷᠴᠦ᠂ ᠰᠢᠭᠤᠳ ᠲᠠᠷᠢᠶᠠᠴᠢᠨ ᠡᠷᠦᠬᠡ᠎ᠶ᠋ᠢᠨ ᠳᠠᠩᠰᠠᠨ᠎ᠳ᠋ᠤ᠌ ᠣᠷᠣᠭᠤᠯᠬᠤ ᠪᠣᠯᠬᠣᠷ ᠲᠠᠷᠢᠶᠠᠴᠢᠳ ᠨᠡᠭᠠᠰᠢ ᠴᠠᠭᠠᠰᠢ ᠭᠦᠶᠦᠬᠦ ᠬᠡᠷᠡᠭ ᠦᠭᠡᠢ᠂ ᠮᠠᠰᠢ ᠰᠡᠳᠭᠢᠯ ᠬᠠᠨᠤᠮᠵᠢᠲᠠᠢ ᠪᠠᠢᠨ᠎ᠠ》 ᠭᠡᠮᠡᠨ ᠴᠸᠠ ᠮᠣᠤ ᠸᠧᠢ ᠶᠠᠷᠢᠯ᠎ᠠ᠃

ᠲᠤᠬᠠᠢ᠎ᠶᠢᠨ ᠭᠠᠵᠠᠷ᠎ᠤ᠋ᠨ ᠠᠮᠤ ᠪᠤᠳᠠᠭ᠎ᠠ ᠬᠤᠳᠠᠯᠳᠤᠨ ᠠᠪᠴᠤ ᠪᠣᠯᠪᠠᠰᠤᠷᠠᠭᠤᠯᠬᠤ ᠲᠠᠭᠠᠭᠤᠯᠤᠭᠴᠢ ᠠᠵᠤ ᠠᠬᠤᠢᠯᠠᠯ ᠪᠣᠯᠤᠭᠰᠠᠨ᠎ᠤ᠋ ᠬᠤᠪᠢ᠎ᠳ᠋ᠤ᠌᠂ ᠥᠪᠥᠷ ᠮᠣᠩᠭᠣᠯ᠎ᠤ᠋ᠨ ᠾᠧᠩ ᠹᠧᠩ ᠪᠦᠯᠦᠭᠯᠡᠯ ᠡᠯ᠎ᠡ ᠬᠣᠷᠢᠶᠠᠨ ᠬᠠᠳᠠᠭᠠᠯᠠᠬᠤ ᠬᠥᠮᠥᠷᠭᠡ ᠴᠡᠭ᠎ᠤᠨ ᠬᠥᠮᠥᠷᠭᠡ ᠵᠠᠢᠴᠢᠯᠠᠬᠤ᠂ ᠲᠣᠨᠣᠭ ᠲᠥᠬᠥᠭᠡᠷᠦᠮᠵᠢ᠎ᠶ᠋ᠢ ᠪᠠᠢᠴᠠᠭᠠᠨ ᠵᠠᠰᠠᠬᠤ ᠵᠡᠷᠭᠡ ᠠᠵᠢᠯ᠎ᠢ᠋ ᠤᠷᠢᠳᠴᠢᠯᠠᠨ ᠳᠠᠭᠤᠰᠬᠠᠵᠤ᠂︽ᠡᠭᠦᠳᠡ᠎ᠪᠡᠨ ᠡᠷᠲᠡ ᠨᠡᠭᠡᠭᠡᠵᠦ᠂ ᠵᠢᠩᠯᠡᠭᠦᠷ᠎ᠢᠶᠡᠨ ᠣᠷᠣᠢ ᠬᠣᠷᠢᠶᠠᠬᠤ︾ᠵᠠᠷᠴᠢᠮ᠎ᠢ ᠬᠡᠷᠡᠭᠵᠢᠭᠦᠯᠵᠦ᠂ ᠠᠮᠤ ᠪᠤᠳᠠᠭᠠᠨ᠎ᠤ᠋ ᠮᠦᠩᠬᠦ ᠵᠢ ᠴᠠᠭ ᠲᠤᠬᠠᠢ᠎ᠳ᠋ᠤᠨᠢ ᠲᠣᠭ᠎ᠠ ᠶᠣᠰᠣᠭᠠᠷ ᠨᠢ ᠪᠤᠳᠤᠵᠤ ᠦᠭᠴᠤ ᠪᠤᠢ᠃ ᠡᠯ᠎ᠡ ᠬᠤᠳᠠᠯᠳᠤᠨ ᠠᠪᠬᠤ ᠴᠡᠭ ᠪᠠᠰᠠ ᠪᠤᠭᠤᠳᠠᠢ ᠬᠤᠳᠠᠯᠳᠤᠨ ᠠᠪᠬᠤ ᠪᠠᠷᠢᠮᠵᠢᠶ᠎ᠠ᠂ ᠦᠨ᠎ᠡ ᠬᠠᠩᠰᠢ ᠵᠡᠷᠭᠡ᠎ᠶ᠋ᠢ ᠨᠢᠭᠡᠳᠦᠯᠲᠡᠢ᠎ᠢᠯᠡ ᠨᠡᠢᠲᠡᠯᠡᠵᠡᠢ᠃ ᠥᠪᠥᠷ ᠮᠣᠩᠭᠣᠯ᠎ᠤ᠋ᠨ ᠾᠧᠩ ᠹᠧᠩ ᠪᠦᠯᠦᠭᠯᠡᠯ᠎ᠦ᠋ᠨ ᠲᠥᠷᠥᠯ ᠵᠦᠢᠯ᠎ᠦ᠋ᠨ ᠬᠡᠯᠲᠡᠰ᠎ᠦ᠋ᠨ ᠬᠠᠷᠢᠭᠤᠴᠠᠯᠭᠠᠲᠠᠨ ᠸᠠᠩ ᠢᠦᠢ ᠫᠧᠩ᠄ 《ᠮᠠᠨ᠎ᠤ ᠺᠤᠮᠫᠠᠨᠢ 4 ᠳ᠋ᠦᠩᠰᠢᠭᠤᠷ ᠰᠢᠬᠠᠮ ᠲᠥᠭᠥᠷᠢᠭ᠎ᠦ᠋ᠨ ᠬᠤᠳᠠᠯᠳᠤᠨ ᠠᠪᠬᠤ ᠪᠡᠯᠡ ᠮᠥᠩᠭᠥ᠎ᠶ᠋ᠢ ᠤᠷᠢᠳᠴᠢᠯᠠᠨ ᠪᠡᠯᠡᠳᠬᠡᠯ᠎ᠠ᠂ ᠪᠦᠬᠦ ᠬᠣᠲᠠ᠎ᠳᠤ 20 ᠭᠠᠷᠤᠢ ᠦᠨᠳᠦᠰᠦᠨ ᠱᠠᠲᠤᠨ᠎ᠤ᠋ ᠠᠮᠤ ᠪᠤᠳᠠᠭᠠᠨ᠎ᠤ᠋ ᠬᠥᠮᠥᠷᠭᠡ᠎ᠲᠠᠢ ᠪᠠᠢᠵᠤ᠂ ᠶᠡᠷᠦᠩᠬᠡᠢ ᠬᠥᠮᠥᠷᠭᠡ᠎ᠶ᠋ᠢᠨ ᠪᠠᠭᠲᠠᠭᠠᠮᠵᠢ 65 ᠲᠦᠮᠡᠨ ᠲᠤᠨ᠎ᠳᠤ ᠬᠦᠷᠴᠦ᠂ ᠣᠳᠣ ᠪᠦᠭᠦᠳᠡᠭᠡᠷ ᠵᠢᠡᠨ ᠡᠭᠦᠳᠡ ᠪᠠᠨ ᠨᠡᠭᠡᠭᠡᠵᠦ᠂ ᠲᠠᠷᠢᠶᠠᠴᠢᠳ᠎ᠤ᠋ᠨ ᠣᠢᠷ᠎ᠠ ᠬᠠᠪᠢ᠎ᠳ᠋ᠠᠭᠠᠨ ᠠᠮᠤ ᠪᠤᠳᠠᠭ᠎ᠠ ᠬᠤᠳᠠᠯᠳᠤᠬᠤ᠎ᠳ᠋ᠤ᠌ ᠳᠥᠭᠥᠮ ᠦᠵᠡᠭᠦᠯᠵᠠᠢ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠪᠠ᠃

ᠲᠠᠭᠠᠭᠤᠯᠤᠭᠴᠢ ᠠᠵᠤ ᠠᠬᠤᠢᠯᠠᠯ᠎ᠤ᠋ᠨ ᠲᠣᠭᠲᠠᠭᠤᠨ ᠦᠢᠯᠡᠳᠪᠦᠷᠢᠯᠡᠯ ᠪᠠ ᠬᠤᠳᠠᠯᠳᠤᠨ ᠠᠪᠬᠤ ᠠᠵᠢᠯ᠎ᠢᠶᠡᠨ ᠪᠠᠲᠤᠯᠠᠬᠤ᠎ᠶ᠋ᠢᠨ ᠬᠠᠮᠲᠤ᠂ ᠪᠠᠶᠠᠨᠨᠠᠭᠤᠷ ᠬᠣᠲᠠ ᠣᠯᠠᠨ ᠡᠰᠢᠲᠦ ᠡᠵᠡᠩᠨᠡᠯᠲᠡ᠎ᠶ᠋ᠢᠨ ᠭᠣᠣᠯ ᠴᠣᠭᠴᠠ᠎ᠶ᠋ᠢ ᠢᠳᠡᠪᠬᠢᠲᠡᠢ᠎ᠵᠢᠯᠣᠭᠣᠳᠤᠨ ᠵᠠᠬ᠎ᠠ ᠳᠡᠯᠭᠡᠭᠦᠷ᠎ᠲᠦ᠍ ᠣᠷᠣᠭᠤᠯᠤᠭᠠᠳ ᠠᠮᠤ ᠪᠤᠳᠠᠭ᠎ᠠ ᠬᠤᠳᠠᠯᠳᠤᠨ ᠠᠪᠤᠭᠤᠯᠵᠤ᠂ ᠵᠤᠨ᠎ᠤ᠋ ᠠᠮᠤ ᠪᠤᠳᠠᠭ᠎ᠠ ᠬᠤᠳᠠᠯᠳᠤᠨ ᠠᠪᠬᠤ ᠠᠷᠭ᠎ᠠ ᠵᠠᠮ᠎ᠢ᠋ ᠥᠷᠭᠡᠳᠬᠡᠪᠡ᠃

ᠬᠠᠩᠭᠢᠨ ᠬᠣᠢᠲᠤ ᠬᠤᠰᠢᠭᠤᠨ᠎ᠤ ᠳᠠ ᠹᠠ ᠭᠦᠩ ᠭᠤᠯᠢᠷ᠎ᠤ᠋ᠨ ᠬᠢᠵᠠᠭᠠᠷᠲᠤ ᠺᠣᠮᠫᠠᠨᠢ ᠲᠤᠬᠠᠢ᠎ᠶ᠋ᠢᠨ ᠭᠠᠵᠠᠷ᠎ᠲᠠᠭᠠᠨ ᠡᠳ᠋ᠰᠢᠭᠦᠯᠬᠦ᠂ ᠬᠤᠳᠠᠯᠳᠤᠨ ᠠᠪᠬᠤ᠎ᠶᠢᠨ ᠲᠠᠭᠠᠤ ᠠᠰᠢᠭᠯᠠᠬᠤ ᠠᠵᠤ ᠦᠢᠯᠡᠰ᠎ᠦ᠋ᠨ ᠳᠠᠪᠠᠭᠤᠯᠢᠭ᠎ᠲᠠᠭᠠᠨ ᠲᠦᠰᠢᠭᠯᠡᠨ᠂ ᠣᠢᠷ᠎ᠠ ᠬᠠᠪᠢ᠎ᠶ᠋ᠢᠨ ᠲᠠᠷᠢᠶᠠᠴᠢᠨ ᠡᠷᠦᠬᠡ᠎ᠳ᠋ᠦ᠍ ᠬᠠᠨᠳᠤᠭᠤᠯᠤᠨ ᠴᠢᠯᠥᠭᠡᠲᠡᠢ ᠪᠡᠷ ᠠᠮᠤ ᠪᠤᠳᠠᠭ᠎ᠠ ᠬᠤᠷᠢᠶᠠᠵᠤ ᠪᠠᠢᠨ᠎ᠠ᠃ 《ᠮᠠᠨ᠎ᠤ ᠺᠤᠮᠫᠠᠨᠢ᠎ᠶᠢᠨ ᠡᠳᠦᠷ ᠪᠦᠷᠢ᠎ᠶ᠋ᠢᠨ ᠪᠤᠭᠤᠳᠠᠢ ᠬᠤᠳᠠᠯᠳᠤᠨ ᠠᠪᠬᠤ ᠬᠡᠮᠵᠢᠶ᠎ᠡ 1000 ᠲᠤᠨ ᠣᠷᠴᠢᠮ᠎ᠳᠤ ᠬᠦᠷᠴᠦ᠂ ᠺᠣᠮᠫᠠᠨᠢ᠎ᠠ᠋ᠴᠠ ᠭᠦᠢᠴᠡᠳ ᠬᠥᠮᠦᠨ᠎ᠤ ᠬᠦᠴᠦ ᠵᠢ ᠲᠣᠬᠢᠷᠠᠭᠤᠯᠵᠤ᠂ ᠠᠮᠤ ᠪᠤᠳᠠᠭ᠎ᠠ᠎ᠶ᠋ᠢ ᠴᠠᠭ ᠲᠤᠬᠠᠢ᠎ᠳᠤᠨᠢ ᠪᠠᠭᠤᠯᠭᠠᠨ ᠪᠠᠢᠴᠠᠭᠠᠵᠤ᠂ ᠵᠢᠱ᠌ᠢᠯᠲᠡ᠎ᠪᠡᠷ ᠡᠨᠡ ᠵᠢᠯ ᠨᠡᠢᠲᠡ 2 ᠲᠦᠮᠡᠨ ᠲᠤᠨ ᠪᠤᠭᠤᠳᠠᠢ ᠬᠤᠳᠠᠯᠳᠤᠨ ᠠᠪᠬᠤ ᠪᠣᠯᠤᠨ᠎ᠠ》 ᠭᠡᠵᠦ ᠳᠠ ᠹᠠ ᠭᠦᠩ ᠭᠤᠯᠢᠷ᠎ᠤᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠰᠢᠶᠦ᠋ᠩ ᠳ᠋ᠦᠩ ᠯᠢᠶᠠᠩ ᠲᠠᠨᠢᠯᠴᠠᠭᠤᠯᠤᠭᠰᠠᠨ ᠪᠠᠢᠨ᠎ᠠ᠃

ᠣᠢᠯᠠᠭᠠᠭᠰᠠᠨ᠎ᠢ᠋ᠶ᠋ᠠᠷ᠂ ᠵᠤᠨ᠎ᠤ᠋ ᠠᠮᠤ ᠪᠤᠳᠠᠭ᠎ᠠ ᠬᠤᠳᠠᠯᠳᠤᠨ ᠠᠪᠬᠤ ᠠᠵᠢᠯ ᠲᠣᠭᠲᠠᠭᠤᠨ ᠪᠦᠭᠡᠳ ᠡᠮᠬᠢ ᠳᠢᠭᠯᠢᠮ᠎ᠲᠡᠢ ᠶᠠᠪᠤᠭᠳᠠᠬᠤ᠎ᠶ᠋ᠢ ᠪᠠᠲᠤᠯᠠᠬᠤ᠎ᠶ᠋ᠢᠨ ᠲᠥᠯᠥᠭᠡ᠂ ᠪᠠᠶᠠᠨᠨᠠᠭᠤᠷ ᠬᠣᠲᠠ 20 ᠭᠠᠷᠤᠢ ᠠᠵᠤ ᠠᠬᠤᠢᠯᠠᠯ᠎ᠢ᠋ ᠬᠥᠲᠥᠯᠦᠨ ᠵᠢᠯᠣᠭᠣᠳᠴᠤ ᠬᠥᠮᠥᠷᠭᠡ᠎ᠵᠢ ᠨᠢ ᠵᠠᠢᠴᠢᠯᠠᠭᠤᠯᠵᠤ᠂ ᠠᠮᠤ ᠪᠤᠳᠠᠭ᠎ᠠ ᠦᠢᠯᠡᠳᠪᠦᠷᠢᠯᠡᠬᠦ᠂ ᠬᠤᠳᠠᠯᠳᠤᠨ ᠠᠪᠬᠤ᠂ ᠬᠠᠳᠠᠭᠠᠯᠠᠬᠤ᠂ ᠪᠣᠷᠣᠯᠠᠭᠤᠯᠬᠤ᠎ᠶᠠᠪᠤᠴᠠ᠎ᠳᠤ ᠬᠠᠮᠵᠢᠯᠴᠠᠨ ᠪᠠᠲᠤᠯᠠᠬᠤ ᠴᠢᠳᠠᠪᠤᠷᠢ᠎ᠶ᠋ᠢ ᠳᠡᠭᠡᠭᠰᠢᠯᠡᠭᠦᠯᠵᠡᠢ᠃ ᠮᠥᠩᠭᠥᠨ ᠭᠦᠢᠯᠭᠡᠭᠡᠨ᠎ᠦ᠌ ᠪᠠᠢᠭᠤᠯᠤᠮᠵᠢ ᠵᠢᠨ ᠭᠢᠨ ᠪᠠᠰᠠ ᠵᠤᠨ᠎ᠤ᠋ ᠬᠤᠷᠢᠶᠠᠯᠲᠠ᠎ᠶ᠋ᠢᠨ ᠪᠡᠯᠡ ᠮᠥᠩᠭᠥᠨ᠎ᠦ᠌ ᠪᠠᠲᠤᠯᠠᠭ᠎ᠠ᠎ᠶ᠋ᠢ ᠰᠠᠢᠲᠤᠷ ᠬᠢᠵᠤ᠂ 7 ᠰᠠᠷ᠎ᠠ᠎ᠶ᠋ᠢᠨ 20᠎ᠤ᠋ ᠡᠳᠦᠷ ᠪᠣᠯᠲᠠᠯ᠎ᠠ᠂ ᠪᠥᠬᠥ ᠬᠣᠲᠠ᠎ᠶ᠋ᠢᠨ ᠮᠥᠩᠭᠥᠨ ᠭᠦᠢᠯᠭᠡᠭᠡᠨ᠎ᠦ᠌ ᠪᠠᠢᠭᠤᠯᠤᠮᠵᠢ ᠵᠤᠨ᠎ᠤ᠋ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ᠎ᠶ᠋ᠢ ᠨᠡᠢᠲᠡ 14.2 ᠳ᠋ᠦᠩᠰᠢᠭᠤᠷ ᠲᠥᠭᠥᠷᠢᠭ ᠲᠠᠯᠪᠢᠵᠤ᠂ 621 ᠡᠵᠡᠩᠨᠡᠯᠲᠡ᠎ᠶ᠋ᠢᠨ ᠭᠣᠣᠯ ᠴᠣᠭᠴᠠ᠎ᠶ᠋ᠢ  ᠳᠡᠮᠵᠢᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号