ᠳᠤᠮᠳᠠᠳᠤ ᠤᠯᠤᠰ᠎ᠤᠨ ᠮᠧᠬᠠᠨᠢᠭ᠋᠎ᠤᠨ ᠠᠵᠤ ᠦᠢᠯᠡᠳᠪᠦᠷᠢ᠎ᠶᠢᠨ ᠬᠣᠯᠪᠣᠭᠠᠲᠤ ᠬᠤᠷᠠᠯ᠎ᠤᠨ 6᠎ᠤ᠋ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠳᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ᠎ᠤᠨ ᠮᠧᠬᠠᠨᠢᠭ᠋᠎ᠤᠨ ᠠᠵᠤ ᠦᠢᠯᠡᠳᠪᠦᠷᠢ᠎ᠶᠢᠨ ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ᠎ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 6.4% ᠪᠠᠷ ᠨᠡᠮᠡᠭᠳᠡᠵᠦ᠂ ᠠᠳᠠᠯᠢ ᠬᠤᠭᠤᠴᠠᠭᠠᠨ᠎ᠤ ᠪᠥᠬᠥ ᠤᠯᠤᠰ᠎ᠤᠨ ᠠᠵᠤ ᠦᠢᠯᠡᠳᠪᠦᠷᠢ ᠪᠠ ᠦᠢᠯᠡᠳᠬᠦ ᠦᠢᠯᠡᠰ᠎ᠡᠴᠡ ᠵᠠᠭᠤᠨ᠎ᠤ ᠬᠠᠷᠢᠴᠠᠯ᠎ᠵᠢᠡᠷ 1 ᠪᠠ 0.8 ᠬᠤᠪᠢ ᠥᠨᠳᠥᠷ ᠪᠣᠯᠪᠠ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠳᠡᠭᠡᠷ᠎ᠡ ᠬᠠᠭᠠᠰ ᠵᠢᠯ᠎ᠳᠦ᠂ ᠮᠧᠬᠠᠨᠢᠭ᠋᠎ᠤᠨ ᠠᠵᠤ ᠦᠢᠯᠡᠳᠪᠦᠷᠢ᠎ᠶᠢᠨ ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ᠎ᠤᠨ ᠡᠵᠡᠩᠨᠡᠯᠲᠡ᠎ᠶᠢᠨ ᠣᠷᠣᠯᠭ᠎ᠠ 16.1 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 6.5% ᠪᠡᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠪᠦᠬᠦ ᠤᠯᠤᠰ᠎ᠤᠨ ᠠᠵᠤ ᠦᠢᠯᠡᠳᠪᠦᠷᠢ ᠲᠠᠢ ᠲᠡᠩᠴᠡᠪᠡ; ᠮᠧᠬᠠᠨᠢᠭ᠋᠎ᠤᠨ ᠠᠵᠤ ᠦᠢᠯᠡᠳᠪᠦᠷᠢ᠎ᠶᠢᠨ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠲᠣᠭ᠎ᠠ 6927.6 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 15.9% ᠪᠠᠷ ᠨᠡᠮᠡᠭᠳᠡᠪᠡ; ᠭᠣᠣᠯᠳᠠᠯᠭ᠎ᠠ᠎ᠲᠠᠢ ᠬᠢᠨᠠᠨ ᠬᠡᠮᠵᠢᠭᠰᠡᠨ 127 ᠵᠦᠢᠯ᠎ᠦᠨ ᠭᠣᠣᠯ ᠪᠣᠯᠬᠤ ᠮᠧᠬᠠᠨᠢᠭ᠋᠎ᠤᠨ ᠦᠢᠯᠡᠳᠬᠦᠨ᠎ᠦ ᠳᠣᠲᠣᠷ᠎ᠠ᠂ 80 ᠵᠦᠢᠯ᠎ᠦᠨ ᠦᠢᠯᠡᠳᠬᠦᠨ᠎ᠦ ᠭᠠᠷᠤᠯᠲᠠ ᠨᠢ ᠠᠳᠠᠯᠢ ᠬᠤᠭᠤᠴᠠᠭᠠᠨ᠎ᠤ ᠬᠢ᠎ᠡᠴᠡ ᠨᠡᠮᠡᠭᠳᠡᠵᠡᠢ᠃
ᠳᠤᠮᠳᠠᠳᠤ ᠤᠯᠤᠰ᠎ᠤᠨ ᠮᠧᠬᠠᠨᠢᠭ᠋᠎ᠤᠨ ᠠᠵᠤ ᠦᠢᠯᠡᠳᠪᠦᠷᠢ᠎ᠶᠢᠨ ᠬᠣᠯᠪᠣᠭᠠᠲᠤ ᠬᠤᠷᠠᠯ᠎ᠤᠨ ᠳᠡᠳ᠋ ᠳᠠᠷᠤᠭ᠎ᠠ ᠶᠧ ᠳ᠋ᠢᠩ ᠳᠡ᠂ ᠳᠣᠣᠷ᠎ᠠ ᠬᠠᠭᠠᠰ ᠵᠢᠯ᠎ᠢ ᠶᠡᠷᠦᠩᠬᠡᠢᠯᠡᠨ ᠦᠵᠡᠪᠡᠯ᠂ ᠮᠧᠬᠠᠨᠢᠭ᠋᠎ᠤᠨ ᠠᠵᠤ ᠦᠢᠯᠡᠳᠪᠦᠷᠢ᠎ᠶᠢᠨ ᠬᠥᠭᠵᠢᠯᠲᠡ᠎ᠶᠢᠨ ᠠᠵᠠ ᠲᠣᠬᠢᠶᠠᠯ ᠪᠣᠯᠣᠨ ᠥᠷᠢᠰᠦᠯᠳᠦᠭᠡᠨ ᠵᠡᠷᠭᠡ᠎ᠪᠡᠷ ᠣᠷᠣᠰᠢᠵᠤ᠂ ᠠᠰᠢᠭ᠍ᠲᠠᠢ ᠨᠥᠬᠥᠴᠡᠯ ᠶᠡᠷᠦᠩᠬᠡᠢ᠎ᠳᠡᠭᠡᠨ ᠠᠰᠢᠭ᠋ ᠦᠭᠡᠢ ᠡᠯᠧᠮᠧᠨ᠋ᠲ᠎ᠡᠴᠡ ᠴᠢᠩᠭ᠎ᠠ ᠪᠠᠢᠨ᠎ᠠ᠃ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠬᠦ ᠵᠢᠴᠢ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠬᠤ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠦᠷᠭᠦᠯᠵᠢᠯᠡᠨ ᠬᠦᠴᠦᠯᠡᠬᠦ᠎ᠶᠢ ᠳᠠᠭᠠᠯᠳᠤᠨ᠂ ᠮᠧᠬᠠᠨᠢᠭ᠋᠎ᠤᠨ ᠠᠵᠤ ᠦᠢᠯᠡᠳᠪᠦᠷᠢ ᠦᠷᠭᠦᠯᠵᠢᠯᠡᠨ ᠲᠣᠭᠲᠠᠭᠤᠨ᠎ᠢᠶᠠᠷ ᠠᠵᠢᠯᠯᠠᠬᠤ ᠪᠠᠢᠳᠠᠯ᠎ᠢᠶᠠᠨ ᠪᠠᠲᠤᠯᠠᠵᠤ᠂ ᠵᠢᠱ᠌ᠢᠯᠲᠡ᠎ᠪᠡᠷ ᠪᠥᠬᠥ ᠵᠢᠯ᠎ᠦᠨ ᠭᠣᠣᠯ ᠪᠣᠯᠬᠤ ᠭᠦᠢᠴᠡᠳᠬᠡᠯ ᠲᠣᠭ᠎ᠠ᠎ᠶᠢᠨ ᠨᠡᠮᠡᠭᠳᠡᠯ᠎ᠦᠨ ᠬᠤᠷᠳᠤᠴᠠ 5.5% ᠣᠷᠴᠢᠮ ᠪᠣᠯᠣᠨ᠎ᠠ ᠭᠡᠪᠡ᠃