ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠲᠡᠮᠦᠷ ᠵᠠᠮ᠎ᠤᠨ ᠬᠠᠷᠪᠢᠨ᠎ᠤ ᠲᠣᠪᠴᠢᠶᠠᠨ᠎ᠤ ᠪᠦᠯᠦᠭᠯᠡᠯ ᠬᠢᠵᠠᠭᠠᠷᠲᠤ ᠺᠣᠮᠫᠠᠨᠢ᠎ᠡᠴᠡ ᠣᠢᠯᠠᠭᠠᠭᠰᠠᠨ᠎ᠢᠶᠠᠷ᠂ 8 ᠰᠠᠷ᠎ᠠ᠎ᠶᠢᠨ 6 ᠤ᠋ ᠡᠳᠦᠷ᠎ᠦᠨ 7 ᠴᠠᠭ 40 ᠮᠢᠨᠦ᠋ᠲ᠎ᠲᠦ ᠬᠠᠷᠪᠢᠨ᠎ᠡᠴᠡ ᠢᠴᠦ᠋ᠨ ᠬᠦᠷᠬᠦ ᠲᠦᠷᠭᠡᠨ᠎ᠤ ᠲᠡᠮᠦᠷ ᠵᠠᠮ ᠨᠢ ᠵᠢᠷᠤᠭ᠎ᠢᠶᠠᠷ ᠠᠶᠠᠯᠠᠬᠤ ᠲᠤᠷᠰᠢᠯᠲᠠ᠎ᠶᠢ ᠡᠬᠢᠯᠡᠭᠦᠯᠪᠡ᠃ D7271 ᠲᠤᠷᠰᠢᠯᠲᠠ᠎ᠶᠢᠨ ᠬᠥᠳᠡᠯᠭᠡᠬᠦ ᠬᠦᠴᠦᠨᠲᠦ ᠭᠠᠯᠲᠤ ᠲᠡᠷᠭᠡ ᠬᠠᠷᠠᠮᠥ᠋ᠷᠡᠨ ᠮᠤᠵᠢ᠎ᠶᠢᠨ ᠬᠠᠷᠪᠢᠨ ᠦᠷᠳᠡᠭᠡ᠎ᠡᠴᠡ ᠮᠣᠷᠳᠠᠵᠤ᠂ ᠬᠠᠷᠪᠢᠨ᠎ᠡᠴᠡ ᠢᠴᠦ᠋ᠨ ᠬᠦᠷᠬᠦ ᠲᠦᠷᠭᠡᠨ᠎ᠦ ᠲᠡᠮᠦᠷ ᠵᠠᠮ᠎ᠢᠶᠠᠷ ᠠᠶᠠᠯᠠᠵᠤ᠂ 2 ᠴᠠᠭ 02 ᠮᠢᠨᠦ᠋ᠲ᠎ᠦᠨ ᠲᠠᠷᠠᠭ᠎ᠠ ᠢᠴᠦ᠋ᠨ ᠪᠠᠷᠠᠭᠤᠨ ᠦᠷᠳᠡᠭᠡ᠎ᠳᠦ ᠬᠦᠷᠪᠡ᠃
ᠬᠠᠷᠪᠢᠨ᠎ᠡᠴᠡ ᠢᠴᠦ᠋ᠨ ᠬᠦᠷᠬᠦ ᠲᠦᠷᠭᠡᠨ᠎ᠤ ᠲᠡᠮᠦᠷ ᠵᠠᠮ ᠪᠣᠯ ᠣᠳᠣᠬᠠᠨ᠎ᠳᠤ ᠮᠠᠨ᠎ᠤ ᠤᠯᠤᠰ᠎ᠤᠨ ᠥᠷᠭᠡᠷᠢᠭ᠎ᠢᠶᠡᠷ ᠬᠠᠮᠤᠭ᠎ᠤᠨ ᠥᠨᠳᠥᠷ ᠲᠦᠷᠭᠡᠨ᠎ᠦ ᠲᠡᠮᠦᠷ ᠵᠠᠮ ᠪᠣᠯᠣᠨ᠎ᠠ᠂ ᠵᠠᠮ᠎ᠤᠨ ᠪᠥᠬᠥ ᠣᠷᠳᠣ᠌ ᠨᠢ 318 ᠺᠢᠯᠣᠮᠧᠲᠷ᠂ ᠵᠢᠷᠤᠵᠤ ᠲᠥᠯᠥᠪᠯᠡᠭᠰᠡᠨ ᠴᠠᠭ᠎ᠤᠨ ᠬᠤᠷᠳᠤᠴᠠ ᠨᠢ 250 ᠺᠢᠯᠣᠮᠧᠲᠷ ᠪᠣᠯᠣᠨ᠎ᠠ᠃ ᠲᠦᠷᠭᠡᠨ᠎ᠤ ᠲᠡᠮᠦᠷ ᠵᠠᠮ ᠨᠡᠪᠲᠡᠷᠡᠭᠰᠡᠨᠦ ᠳᠠᠷᠠᠭ᠎ᠠ᠂ ᠬᠠᠷᠪᠢᠨ᠎ᠠᠴᠠ ᠢᠴᠦ᠋ᠨ ᠬᠦᠷᠬᠦ ᠲᠡᠮᠦᠷ ᠵᠠᠮ᠎ᠤᠨ ᠠᠶᠠᠯᠠᠯ᠎ᠤᠨ ᠴᠠᠭ᠎ᠢ ᠪᠠᠷᠤᠭ 7 ᠴᠠᠭ ᠪᠠᠢᠭᠰᠠᠨ᠎ᠡᠴᠡ 2 ᠴᠠᠭ ᠣᠷᠴᠢᠮ ᠪᠣᠯᠭᠠᠨ ᠪᠣᠭᠣᠨᠢᠰᠬᠠᠬᠤ ᠪᠣᠯᠣᠨ᠎ᠠ᠂ ᠡᠨᠡ ᠨᠢ ᠵᠡᠭᠦᠨ ᠬᠣᠢᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠂ ᠵᠠᠮ ᠳᠠᠭᠠᠤ᠎ᠶᠢᠨ ᠵᠢᠭᠤᠯᠴᠢᠯᠠᠯ ᠪᠠ ᠠᠮᠢ ᠠᠬᠤᠢ᠎ᠶᠢᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠎ᠶᠢ ᠠᠬᠢᠭᠤᠯᠬᠤ᠂ ᠣᠷᠣᠨ ᠪᠦᠰᠡ᠎ᠶᠢᠨ ᠵᠠᠮ᠎ᠤᠨ ᠲᠣᠣᠷ᠎ᠤᠨ ᠪᠠᠢᠷᠢᠰᠢᠯ᠎ᠢ ᠲᠡᠭᠦᠯᠳᠡᠷᠵᠢᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号