ᠪᠤᠭᠤᠲᠤ᠌ ᠬᠣᠲᠠ 4 ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠬᠦ᠌ ᠬᠣᠯᠪᠣᠭᠠᠲᠤ᠌ ᠴᠣᠭᠴᠠ ᠵᠢᠨ ᠵᠥᠪᠰᠢᠶᠡᠷᠡᠯ᠎ᠢ ᠤᠯᠪᠠ
2026-08-19 16:45:56
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ ᠭᠤᠤᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠬᠦ᠌ ᠬᠣᠯᠪᠣᠭᠠᠲᠤ᠌ ᠴᠣᠭᠴᠠ᠎ᠶᠢ ᠪᠠᠶ᠋ᠢᠭᠤᠯᠬᠤ ᠨᠡᠷᠡᠰ᠎ᠢ ᠨᠡᠶ᠋ᠢᠲᠡᠯᠡᠪᠡ᠃ ᠲᠣᠰ ᠤᠳᠠᠭ᠎ᠠ ᠪᠥᠬᠥ᠌ ᠣᠷᠣᠨ᠎ᠳᠤ ᠨᠡᠶ᠋ᠢᠲᠡ 9 ᠬᠤᠯᠪᠤᠭᠠᠳᠤ ᠴᠤᠭᠴᠠ ᠵᠢ ᠪᠠᠢᠭᠤᠯᠬᠤ ᠪᠡᠷ ᠦᠨᠡᠯᠡᠨ ᠵᠢᠱ᠌ᠢᠪᠡ᠃ ᠡᠬᠦᠨ ᠳ᠋ᠤ ᠪᠤᠭᠤᠲᠤ᠌ ᠬᠣᠲᠠ᠎ᠶᠢᠨ ᠬᠥᠩᠭᠡᠨᠴᠠᠭᠠᠨ᠎ᠤ ᠰᠢᠨ᠎ᠡ ᠮᠠᠲ᠋ᠧᠷᠢᠶᠠᠯ᠂ ᠣᠨᠴᠠ ᠲᠥᠷᠥᠯ᠎ᠦᠨ ᠮᠠᠰᠢᠨ ᠲᠤᠨᠤᠭᠯᠠᠯ ᠦᠢᠯᠡᠳᠬᠦ᠂ ᠣᠨᠴᠠ ᠲᠥᠷᠥᠯ᠎ᠦᠨ ᠪᠣᠯᠣᠳ ᠦᠢᠯᠡᠳᠬᠦ᠌᠂ ᠴᠥᠮ᠎ᠡ᠎ᠶᠢᠨ ᠡᠨᠧᠷᠭᠢ ᠵᠡᠷᠭᠡ ᠳᠥᠷᠪᠡᠨ ᠶᠡᠬᠡ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠬᠦ᠌ ᠬᠣᠯᠪᠣᠭᠠᠲᠤ᠌ ᠴᠣᠭᠴᠠ ᠠᠮᠵᠢᠯᠲᠠᠲᠠᠶ ᠵᠥᠪᠰᠢᠶᠡᠷᠡᠭᠳᠡᠵᠦ᠍᠂ ᠲᠣᠭ᠎ᠠ ᠬᠡᠮᠵᠢᠶ᠎ᠡ᠎ᠪᠡᠷ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠣᠲᠠ᠎ᠶᠢᠨ ᠲᠡᠷᠢᠭᠦᠨ᠎ᠳᠦ ᠣᠷᠣᠪᠠ᠃ 

ᠪᠤᠭᠤᠲᠤ᠎ᠶᠢᠨ ᠬᠥᠩᠭᠡᠨᠴᠠᠭᠠᠨ᠎ᠤ ᠠᠵᠤ ᠦᠢᠯᠡᠰ᠎ᠦᠨ ᠬᠢᠵᠠᠭᠠᠷᠲᠤ᠌ ᠺᠣᠮᠫᠠᠨᠢ ᠪᠤᠯ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠬᠦ᠌ ᠬᠣᠯᠪᠣᠭᠠᠲᠤ᠌ ᠴᠣᠭᠴᠠ ᠪᠤᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠠᠵᠤ ᠦᠢᠯᠡᠰ᠎ᠦᠨ ᠪᠥᠭᠡᠮᠨᠡᠷᠡᠯ ᠪᠠ ᠭᠤᠤᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ ᠲᠥᠯᠥᠪᠵᠢᠭᠦᠯᠦᠭᠰᠡᠨ ᠴᠢᠬᠤᠯᠠ ᠰᠢᠨ᠎ᠡ᠎ᠶᠢ ᠡᠭᠦᠳᠬᠦ᠌ ᠲᠠᠪᠴᠠᠩ ᠮᠦᠨ᠂ ᠰᠢᠨ᠎ᠡ᠎ᠶᠢ ᠡᠭᠦᠳᠬᠦ᠌ ᠡᠬᠢ ᠪᠠᠶᠠᠯᠢᠭ᠎ᠢ ᠨᠡᠢᠳᠭᠡᠬᠦ᠌ ᠴᠢᠳᠠᠪᠤᠷᠢ᠎ᠪᠠᠷ ᠴᠢᠩᠭ᠎ᠠ ᠲᠠᠭᠠᠭᠤᠯᠬᠤ ᠠᠵᠤ ᠠᠬᠤᠢᠯᠠᠯ᠎ᠢᠶᠠᠷ ᠲᠦᠷᠦᠭᠦᠯᠡᠭᠦᠯᠦᠨ᠂ ᠬᠠᠮᠢᠶ᠎ᠠ ᠪᠥᠬᠥᠶ ᠬᠦᠷᠢᠶᠡᠨ ᠳ᠋ᠡᠭᠢ ᠳᠡᠭᠡᠳᠦ ᠵᠡᠷᠭᠡ᠎ᠶᠢᠨ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠤᠯ᠎ᠤᠨ ᠪᠠᠶ᠋ᠢᠭᠤᠯᠤᠮᠵᠢ ᠵᠢᠴᠢ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠤᠮᠳᠠᠳᠤ ᠳᠤᠤᠷᠠᠳᠤ ᠤᠷᠤᠰᠬᠠᠯ᠎ᠤᠨ ᠠᠵᠤ ᠠᠬᠤᠢᠯᠠᠯ᠎ᠯᠤᠭ᠎ᠠ ᠬᠤᠯᠪᠤᠭᠠᠯᠠᠨ ᠬᠠᠮᠲᠤᠪᠠᠷ ᠣᠷᠣᠯᠴᠠᠭᠰᠠᠨ ᠰᠢᠰᠲ᠋ᠧᠮᠵᠢᠭᠰᠡᠨ᠂ ᠨᠡᠭᠡᠭᠡᠯᠲᠡᠲᠦ᠍ ᠮᠠᠶᠢᠭ᠎ᠤᠨ ᠰᠢᠨ᠎ᠡ᠎ᠶᠢ ᠡᠭᠦᠳᠬᠦ᠌ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠪᠣᠯᠤᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号