ᠦᠪᠤᠷ ᠮᠤᠩᠭᠤᠯ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠬᠡᠨ᠎ᠤ ᠨᠦᠬᠦᠪᠦᠷᠢ ᠵᠢᠨ ᠳᠥᠷᠦᠯ ᠵᠦᠢᠯ ᠵᠢᠡᠷ ᠨᠡᠶ᠋ᠢᠲᠡ 25 ᠲᠦᠮᠡᠨ ᠬᠥᠮᠦᠨ ᠤᠳᠠᠭ᠎ᠠ ᠳ᠋ᠤ ᠠᠰᠢᠭ ᠬᠦᠷᠳᠡᠭᠡᠪᠠ
2026-08-02 10:28:45
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠪᠥᠬᠦ᠌ ᠣᠷᠤᠨ᠎ᠤ ᠳᠤᠮᠳᠠ ᠵᠡᠷᠭᠡ ᠡᠴᠠ ᠳᠡᠭᠡᠭᠰᠢᠬᠢ ᠴᠢᠳᠠᠯ ᠲᠡᠨᠭᠭᠡᠭᠡ ᠪᠠᠨ ᠠᠯᠳᠠᠭᠰᠠᠨ ᠨᠠᠰᠤᠲᠠᠶ᠋ᠢᠴᠤᠳ᠎ᠲᠤ᠌ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠡᠷᠡᠭᠯᠡᠭᠡ ᠵᠢᠨ ᠨᠥᠬᠦᠪᠦᠷᠢ᠎ᠶ᠋ᠢᠨ ᠲᠥᠷᠦᠯ ᠵᠦᠢᠯ᠎ᠢ ᠬᠠᠷᠭᠤᠭᠤᠯᠤᠨ ᠲᠦᠯᠦᠭᠰᠡᠨ ᠵᠤᠭᠤᠰ᠎ᠦᠨ ᠲᠤᠭ᠎ᠠ ᠨᠢ ᠨᠢᠭᠡᠨᠲᠡ ᠳ᠋ᠦᠩᠰᠢᠭᠤᠷ ᠲᠥᠭᠦᠷᠢᠭ᠎ᠢ ᠳᠠᠪᠠᠵᠤ᠂ ᠪᠠᠯᠠ ᠮᠥᠩᠭᠦ᠎ᠶ᠋ᠢᠨ ᠬᠡᠷᠡᠭᠯᠡᠯᠲᠡ᠎ᠶ᠋ᠢᠨ ᠨᠣᠷᠮ᠎ᠠ 47.5% ᠳ᠋ᠤ ᠬᠦᠷᠴᠦ᠍᠂ ᠨᠡᠶ᠋ᠢᠲᠡ 25 ᠲᠦᠮᠡᠨ ᠬᠥᠮᠦᠨ ᠤᠳᠠᠭ᠎ᠠ ᠳ᠋ᠤ ᠠᠰᠢᠭ ᠬᠦᠷᠳᠡᠭᠡᠪᠠ᠃

ᠣᠲᠤᠬᠠᠨ ᠪᠣᠯᠲᠠᠯ᠎ᠠ᠂ ᠪᠥᠬᠦ᠌ ᠣᠷᠤᠨ᠎ᠳᠤ ᠨᠢᠭᠡᠨᠲᠡ 1390 ᠰᠢᠬᠠᠮ ᠡᠯ᠎ᠡ ᠲᠥᠷᠦᠯ᠎ᠤᠨ ᠨᠠᠰᠤᠵᠢᠯ᠎ᠦᠨ ᠠᠰᠠᠷᠠᠮᠵᠢ ᠵᠢᠨ ᠦᠢᠯᠡᠴᠢᠯᠡᠭᠡᠨ᠎ᠤ ᠪᠠᠶ᠋ᠢᠭᠤᠯᠤᠮᠵᠢ ᠲᠣᠰ ᠲᠥᠷᠦᠯ ᠵᠦᠢᠯ᠎ᠳᠤ ᠣᠷᠤᠯᠴᠠᠭᠰᠠᠨ ᠪᠠᠶ᠋ᠢᠨ᠎ᠠ᠂ ᠡᠭᠦᠨ᠎ᠳᠤ ᠨᠠᠰᠤᠵᠢᠯ᠎ᠤᠨ ᠠᠰᠠᠷᠠᠮᠵᠢ᠎ᠶ᠋ᠢᠨ ᠪᠠᠶ᠋ᠢᠭᠤᠯᠤᠮᠵᠢ 500 ᠭᠠᠷᠤᠢ᠂ ᠬᠡᠷ᠎ᠪᠦᠯᠢ ᠪᠠ ᠨᠡᠶ᠋ᠢᠭᠡᠮ ᠲᠣᠭᠤᠷᠢᠭ᠎ᠤᠨ ᠦᠢᠯᠡᠴᠢᠯᠡᠭᠡᠨ᠎ᠤ ᠪᠠᠶ᠋ᠢᠭᠤᠯᠤᠮᠵᠢ 530 ᠭᠠᠷᠤᠢ᠂ ᠭᠤᠷᠪᠠᠳᠠᠬᠢ ᠡᠲᠡᠭᠡᠳ᠎ᠤᠨ ᠲᠤᠰᠭᠠᠢ ᠮᠡᠷᠭᠡᠵᠢᠯ᠎ᠤᠨ ᠦᠨᠡᠯᠡᠨ ᠵᠢᠰᠢᠬᠦ᠌ ᠪᠠᠶ᠋ᠢᠭᠤᠯᠤᠮᠵᠢ 350 ᠭᠠᠷᠤᠢ ᠪᠠᠶ᠋ᠢᠵᠤ᠂ ᠬᠤᠲᠠ ᠬᠥᠳᠡᠭᠡ ᠮᠠᠯᠵᠢᠬᠤ ᠣᠷᠤᠨ᠎ᠢ ᠬᠠᠮᠤᠷᠤᠭᠰᠠᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢᠨ ᠲᠣᠣᠷ᠎ᠢ ᠲᠦᠷᠭᠡᠳᠭᠡᠨ ᠪᠠᠶ᠋ᠢᠭᠤᠯᠵᠤ ᠪᠣᠢ᠃

ᠲᠥᠷᠦᠯ ᠵᠦᠢᠯ᠎ᠢ ᠬᠡᠷᠡᠭᠵᠢᠭᠦᠯᠦᠭᠰᠡᠨ ᠡᠴᠡ ᠨᠠᠭᠠᠰᠢ᠂ ᠡᠯ᠎ᠡ ᠭᠠᠵᠠᠷ᠎ᠤᠨ᠎ᠬᠢᠨ ᠭᠠᠵᠠᠷ ᠣᠷᠤᠨ᠎ᠤ ᠪᠠᠶ᠋ᠢᠳᠠᠯ᠎ᠳᠠᠭᠠᠨ ᠳᠣᠭᠢᠷᠠᠭᠤᠯᠤᠨ᠂ ᠠᠷᠭ᠎ᠠ ᠬᠡᠮᠵᠢᠶ᠎ᠡ᠎ᠶ᠋ᠢᠨ ᠰᠢᠨ᠎ᠡ᠎ᠶ᠋ᠢ ᠡᠭᠦᠳᠴᠦ᠍᠂ ᠲᠥᠷᠦ᠎ᠶ᠋ᠢᠨ ᠪᠣᠳᠤᠯᠭ᠎ᠠ᠎ᠵᠢ ᠨᠠᠷᠢᠯᠢᠭ ᠤᠨᠤᠴᠠᠳᠠᠢ ᠪᠡᠷ ᠰᠢᠭᠤᠳ ᠬᠦᠷᠭᠡᠬᠦ᠎ᠶ᠋ᠢ ᠠᠬᠢᠭᠤᠯᠪᠠ᠃ ᠪᠤᠭᠤᠲᠤ᠌ ᠬᠤᠲᠠ᠎ᠶ᠋ᠢᠨ᠎ᠬᠢᠨ ᠦᠢᠯᠡᠴᠢᠯᠡᠭᠡ᠎ᠶ᠋ᠢ ᠵᠢᠷᠤᠮᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠤᠳᠠᠭ᠎ᠠ ᠲᠤᠰᠭᠠᠢ ᠰᠡᠳᠦᠪᠲᠦ᠍ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠲᠡᠭᠡᠭᠰᠢ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠷᠭᠤᠭᠤᠯᠤᠨ ᠲᠦᠯᠦᠬᠦ ᠪᠥᠬᠦ᠌ ᠶᠠᠪᠤᠴᠠ᠎ᠳᠤ ᠰᠢᠰᠲᠧᠮ᠎ᠲᠠᠢ ᠵᠢᠯᠤᠭᠤᠳᠤᠯᠭ᠎ᠠ ᠬᠢᠬᠦ᠎ᠶ᠋ᠢᠨ ᠬᠠᠮᠲᠤ᠌ 《96111》 ᠨᠠᠰᠤᠳᠠᠢᠴᠤᠳ᠎ᠦᠨ ᠦᠢᠯᠡᠴᠢᠯᠡᠭᠡᠨ᠎ᠤ ᠬᠠᠯᠠᠮᠰᠢᠯ ᠤᠲᠠᠰᠤᠨ᠎ᠳᠤ ᠲᠦᠰᠢᠭᠯᠡᠨ ᠲᠥᠷᠦ᠎ᠶ᠋ᠢᠨ ᠪᠣᠳᠤᠯᠭ᠎ᠠ᠎ᠶ᠋ᠢᠨ ᠠᠰᠠᠭᠤᠨ ᠯᠠᠪᠯᠠᠭ᠎ᠠ ᠳ᠋ᠤ ᠬᠠᠷᠢᠭᠤᠯᠲᠠ ᠥᠭᠴᠦ᠍᠂  ᠦᠨᠳᠦᠰᠦᠨ ᠱᠠᠲᠤᠨ᠎ᠤ ᠭᠠᠷᠲᠠᠨ ᠭᠦᠢᠴᠡᠳᠬᠡᠬᠦ᠌ ᠴᠢᠳᠠᠪᠤᠷᠢ ᠪᠠ ᠤᠯᠠᠨ ᠲᠦᠮᠡᠨ ᠳ᠋ᠤ ᠴᠢᠨᠠᠷ ᠰᠠᠢᠳᠠᠢ ᠦᠢᠯᠡᠴᠢᠯᠡᠭᠡ ᠬᠠᠨᠭᠭᠠᠬᠤ᠎ᠶ᠋ᠢ ᠪᠦᠲᠦᠮᠵᠢᠲᠡᠢ ᠳᠡᠭᠡᠭᠰᠢᠯᠡᠭᠦᠯᠪᠡ; ᠲᠦᠩᠯᠢᠶᠤᠣ ᠬᠤᠲᠠ ᠮᠠᠯᠵᠢᠬᠤ ᠲᠠᠷᠢᠶᠠᠯᠠᠬᠤ ᠣᠷᠤᠨ᠎ᠤ ᠣᠷᠤᠨ ᠰᠠᠭᠤᠴᠠ ᠲᠠᠷᠠᠬᠠᠢ ᠪᠤᠲᠠᠷᠬᠠᠢ᠂ ᠴᠠᠭ ᠲᠤᠬᠠᠢ ᠳ᠋ᠤᠨᠢ ᠦᠢᠯᠡᠴᠢᠯᠡᠭᠡ ᠬᠠᠨᠭᠭᠠᠵᠤ ᠲᠠᠢᠯᠬᠦ ᠥᠬᠡᠢ ᠵᠡᠷᠭᠡ ᠪᠣᠳᠠᠲᠦ ᠬᠦᠴᠢᠷᠳᠠᠯ᠎ᠳᠤ ᠴᠢᠭᠯᠡᠭᠦᠯᠦᠨ᠂ 《ᠨᠠᠰᠤᠵᠢᠯ᠎ᠤᠨ ᠠᠰᠠᠷᠠᠮᠵᠢ᠎ᠶ᠋ᠢᠨ ᠨᠡᠬᠦᠳᠡᠯ ᠲᠡᠷᠭᠡ》 ᠶ᠋ᠢᠨ ᠦᠢᠯᠡᠴᠢᠯᠡᠭᠡᠨ᠎ᠤ ᠵᠠᠭᠪᠤᠷ᠎ᠢ ᠠᠩᠬ᠎ᠠ ᠡᠭᠦᠳᠴᠦ᠍᠂ ᠤᠬᠢᠶᠠᠯᠭ᠎ᠠ᠂ ᠴᠡᠪᠡᠷᠯᠡᠭᠡ᠂ ᠡᠮᠴᠢᠯᠡᠭᠡ᠂ ᠰᠤᠪᠢᠯᠠᠯᠳᠠ ᠵᠡᠷᠭᠡ ᠦᠢᠯᠡᠴᠢᠯᠡᠭᠡ᠎ᠶ᠋ᠢ ᠭᠠᠴᠠᠭ᠎ᠠ ᠲᠣᠰᠭᠤᠨ ᠮᠠᠯᠵᠢᠬᠤ ᠤᠷᠤᠨ᠎ᠳᠤ ᠬᠦᠷᠭᠡᠵᠦ᠍᠂ ᠮᠠᠯᠵᠢᠬᠤ ᠲᠠᠷᠢᠶᠠᠯᠠᠬᠤ ᠣᠷᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ 《ᠡᠴᠦᠰ᠎ᠤᠨ ᠨᠢᠭᠡ ᠺᠢᠯᠤᠮᠧᠲᠷ》 ᠢ᠋ ᠨᠡᠪᠲᠡᠷᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号