ᠬᠠᠤᠯᠢ ᠴᠠᠭᠠᠵᠠ᠎ᠶᠢᠨ ᠶᠠᠮᠤᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ᠎ᠤ ᠬᠠᠷᠢᠭᠤᠴᠠᠯᠭᠠᠲᠠᠨ 《〈ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠦᠷᠢᠮ〉 ᠳ᠋ᠤ ᠵᠠᠰᠠᠪᠤᠷᠢ ᠣᠷᠣᠭᠤᠯᠬᠤ ᠲᠤᠬᠠᠶ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠲᠣᠭᠲᠠᠭᠠᠯ》 ᠤ᠋ᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ
2026-08-20 11:13:40
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ
ᠣᠩᠱᠢᠭ᠍ᠰᠠᠨ ᠣᠳᠠᠭ᠎ᠠ᠄
★★★☆☆

ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠶ᠋ᠢᠳ ᠯᠢ ᠴᠢᠶᠠᠩ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ᠎ᠲᠤ᠌ ᠭᠠᠷ᠎ᠤᠨ ᠥᠰᠥᠭ ᠵᠢᠷᠤᠵᠤ᠂ 《〈ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠦᠷᠢᠮ〉 ᠳ᠋ᠤ ᠵᠠᠰᠠᠪᠤᠷᠢ ᠣᠷᠣᠭᠤᠯᠬᠤ ᠲᠤᠬᠠᠶ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠲᠣᠭᠲᠠᠭᠠᠯ》 ᠢ᠋ ᠨᠡᠶ᠋ᠢᠲᠡᠯᠡᠵᠦ᠍᠂ 2026 ᠣᠨ᠎ᠤ 9 ᠰᠠᠷ᠎ᠠ᠎ᠶᠢᠨ 20᠎ᠤ᠋ ᠡᠳᠦᠷ᠎ᠡᠴᠡ ᠡᠬᠢᠯᠡᠵᠦ᠍ ᠬᠡᠷᠡᠭᠵᠢᠭᠦᠯᠤᠨ᠎ᠠ᠃ ᠬᠠᠤᠯᠢ ᠴᠠᠭᠠᠵᠠ᠎ᠶᠢᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ᠎ᠤ ᠬᠠᠷᠢᠭᠤᠴᠠᠯᠭᠠᠲᠠᠨ ᠲᠣᠭᠲᠠᠭᠠᠯ᠎ᠤᠨ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ᠃

ᠠᠰᠠᠭᠤᠯᠲᠠ᠄ ᠲᠣᠭᠲᠠᠭᠠᠯ᠎ᠢ ᠨᠡᠶ᠋ᠢᠲᠡᠯᠡᠭᠰᠡᠨ ᠠᠬᠤᠶ ᠪᠠᠶ᠋ᠢᠳᠠᠯ᠎ᠢ ᠲᠥᠬᠥᠮ ᠲᠠᠨᠢᠯᠴᠠᠭᠤᠯᠤᠭᠠᠳ ᠥᠭᠭᠦᠨ᠎ᠡ ᠦᠦ ?

ᠬᠠᠷᠢᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠦᠷᠢᠮ ᠪᠣᠯ ᠮᠠᠨ᠎ᠤ ᠤᠯᠤᠰ᠎ᠤᠨ ᠬᠣᠲᠠ ᠪᠠᠯᠭᠠᠰᠤᠨ᠎ᠤ ᠣᠷᠣᠨ ᠰᠠᠭᠤᠴᠠ᠎ᠶᠢᠨ ᠲᠦᠷᠢᠮ᠎ᠦᠨ ᠴᠢᠬᠤᠯᠠ ᠪᠦᠷᠢᠯᠳᠦᠬᠦᠨ ᠬᠡᠰᠡᠭ ᠮᠥᠨ᠂ ᠥᠷᠭᠡᠨ ᠣᠯᠠᠨ ᠲᠦᠮᠡᠨ᠎ᠦ ᠦᠨᠳᠦᠰᠦᠨ ᠠᠰᠢᠭ ᠲᠤᠰᠠ᠎ᠲᠠᠶ ᠬᠣᠯᠪᠣᠭᠳᠠᠵᠤ ᠪᠠᠶ᠋ᠢᠳᠠᠭ᠃ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠶ᠋ᠢᠨ᠎ᠠ᠃ ᠶᠡᠷᠦᠩᠬᠡᠶ ᠱᠦᠵᠢ ᠰᠢ ᠵᠢᠨ ᠫᠢᠩ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌᠂ ᠬᠡᠷ ᠭᠠᠵᠠᠷ ᠤ᠋ᠨ ᠬᠥᠷᠥᠩᠭᠡ᠎ᠶᠢᠨ ᠵᠠᠬ᠎ᠠ ᠳᠡᠯᠭᠡᠭᠦᠷ᠎ᠢ ᠬᠦᠴᠦᠯᠡᠨ ᠲᠣᠭᠲᠠᠪᠤᠷᠢᠵᠢᠭᠤᠯᠬᠤ᠂ ᠬᠡᠷ ᠭᠠᠵᠠᠷ ᠤ᠋ᠨ ᠬᠥᠷᠥᠩᠭᠡ᠎ᠶᠢᠨ ᠬᠥᠭᠵᠢᠯᠲᠡ᠎ᠶᠢᠨ ᠰᠢᠨ᠎ᠡ ᠵᠠᠭᠪᠤᠷ᠎ᠢ ᠲᠦᠷᠭᠡᠳᠬᠡᠨ ᠪᠠᠶ᠋ᠢᠭᠤᠯᠬᠤ ᠲᠤᠬᠠᠶ ᠣᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭᠴᠡᠶ᠃ ᠲᠥᠪ᠎ᠦᠨ ᠠᠵᠤ ᠠᠬᠤᠶ᠎ᠶᠢᠨ ᠠᠵᠢᠯ᠎ᠤᠨ ᠬᠤᠷᠠᠯ ᠪᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠳ᠋ᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠲᠤᠬᠠᠶ ᠲᠣᠳᠣᠷᠬᠠᠶ ᠪᠠᠶ᠋ᠢᠷᠢᠯᠠᠭᠤᠯᠤᠯᠲᠠ ᠬᠢᠪᠠ᠃

《ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠦᠷᠢᠮ》 ᠢ᠋ 1999 ᠣᠨ᠎ᠳᠤ ᠬᠡᠷᠡᠭᠵᠢᠭᠦᠯᠦᠭᠰᠡᠨ᠎ᠡᠴᠡ ᠨᠠᠭᠠᠰᠢ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢ ᠴᠢᠩᠭᠠᠳᠬᠠᠬᠤ᠂ ᠲᠤᠰᠢᠶᠠᠨ ᠬᠠᠳᠠᠭᠠᠯᠠᠭᠴᠢ᠎ᠶᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭᠠᠯᠠᠬᠤ᠂ ᠬᠣᠲᠠ ᠪᠠᠯᠭᠠᠰᠤᠨ᠎ᠤ ᠣᠷᠣᠨ ᠰᠠᠭᠤᠴᠠ᠎ᠶᠢᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ᠂ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠣᠷᠣᠰᠢᠨ ᠰᠠᠭᠤᠬᠤ ᠲᠦᠪᠰᠢᠨ᠎ᠢ ᠳᠡᠭᠡᠭᠰᠢᠯᠡᠭᠦᠯᠬᠦ᠌ ᠵᠡᠷᠭᠡ᠎ᠳᠦ ᠴᠢᠬᠤᠯᠠ ᠦᠢᠯᠡᠳᠦᠯ ᠦᠵᠡᠭᠦᠯᠪᠡ᠃ ᠣᠳᠣᠬᠠᠨ᠎ᠳᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠦᠷᠢᠮ᠎ᠦᠨ ᠠᠵᠢᠯᠯᠠᠭᠠᠨ᠎ᠳᠤ ᠰᠢᠨ᠎ᠡ ᠪᠠᠶ᠋ᠢᠳᠠᠯ ᠲᠤᠯᠭᠠᠷᠠᠵᠤ ᠪᠤᠢ᠂ ᠢᠯᠠᠩᠭᠤᠶ᠎ᠠ ᠮᠠᠨ᠎ᠤ ᠤᠯᠤᠰ᠎ᠤᠨ ᠬᠡᠷ ᠭᠠᠵᠠᠷ ᠤ᠋ᠨ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠬᠥᠭᠵᠢᠯᠲᠡ ᠪᠠ ᠠᠵᠢᠯ ᠣᠯᠭᠣᠯᠲᠠ᠎ᠶᠢᠨ ᠪᠦᠲᠦᠴᠡ᠎ᠶᠢᠨ ᠬᠤᠪᠢᠷᠠᠯᠲᠠ᠎ᠶᠢ ᠳᠠᠭᠠᠯᠳᠤᠨ᠂ ᠠᠷᠠᠳ ᠣᠯᠠᠨ᠎ᠤ ᠣᠷᠣᠨ ᠰᠠᠭᠤᠴᠠ᠎ᠶᠢᠨ ᠬᠡᠷᠡᠭᠴᠡᠭᠡ 《ᠪᠠᠶ᠋ᠢᠬᠤ ᠡᠰᠡᠬᠦ᠌》 ᠡᠴᠡ 《ᠰᠠᠶ᠋ᠢᠨ ᠡᠰᠡᠬᠦ᠌》 ᠳᠠᠢᠰᠢ ᠰᠢᠯᠵᠢᠵᠦ᠍᠂ ᠣᠷᠣᠨ ᠰᠠᠭᠤᠴᠠ᠎ᠶᠢᠨ ᠬᠡᠷᠡᠭᠯᠡᠭᠡᠨ᠎ᠦ ᠪᠠᠶ᠋ᠢᠳᠠᠯ ᠡᠳᠦᠷ ᠢᠷᠡᠬᠦᠶ᠎ᠡ ᠣᠯᠠᠨ ᠶᠠᠩᠵᠤ᠎ᠶᠢᠨ ᠪᠣᠯᠵᠣ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠡᠷᠡᠭᠯᠡᠯᠲᠡ ᠬᠠᠮᠢᠶᠠᠷᠤᠯᠲᠠ᠎ᠳᠤ ᠰᠢᠨ᠎ᠡ ᠱᠠᠭᠠᠷᠳᠠᠯᠭ᠎ᠠ ᠳᠤᠷᠠᠳᠪᠠ; ᠠᠮᠢᠳᠤᠯᠢᠭ᠎ᠢᠶᠡᠷ ᠠᠵᠢᠯ ᠣᠯᠤᠬᠰᠠᠳ᠎ᠤᠨ ᠬᠡᠪᠴᠢᠶ᠎ᠡ ᠲᠦᠷᠭᠡᠨ᠎ᠢᠶᠡᠷ ᠨᠡᠮᠡᠭᠳᠡᠬᠦ᠌᠎ᠳᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠳᠦᠷᠢᠮ᠎ᠦᠨ ᠪᠦᠷᠬᠦᠬᠦᠯᠬᠦ ᠬᠡᠪᠴᠢᠶ᠎ᠡ᠎ᠶᠢ ᠵᠣᠬᠢᠴᠠᠩᠭᠤᠶ᠎ᠪᠠᠷ ᠲᠣᠬᠢᠷᠠᠭᠤᠯᠬᠤ ᠴᠢᠬᠤᠯᠠᠲᠠᠶ᠃ ᠲᠦᠷᠢᠮ ᠨᠢ ᠨᠢᠭᠡᠨᠲᠡ ᠪᠣᠳᠠᠲᠤ᠌ ᠬᠡᠷᠡᠭᠴᠡᠭᠡ᠎ᠳᠦ ᠪᠦᠷᠢᠮᠦᠰᠦᠨ ᠵᠣᠬᠢᠴᠠᠵᠤ ᠴᠢᠳᠠᠬᠤ ᠦᠭᠡᠢ ᠪᠣᠯᠤᠭᠰᠠᠨ ᠪᠣᠯᠬᠣᠷ ᠦᠢᠯᠡᠳᠦᠯᠭᠡ᠎ᠶᠢᠨ ᠲᠤᠷᠰᠢᠯᠭ᠎ᠠ᠎ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠭᠡᠷ ᠭᠠᠵᠠᠷ ᠤ᠋ᠨ ᠬᠦᠷᠦᠨᠭᠭᠡ᠎ᠶᠢᠨ ᠬᠥᠭᠵᠢᠯᠲᠡ᠎ᠶᠢᠨ ᠰᠢᠨ᠎ᠡ ᠵᠠᠭᠪᠤᠷ᠎ᠢ ᠲᠦᠷᠭᠡᠳᠭᠡᠨ ᠪᠠᠶ᠋ᠢᠭᠤᠯᠬᠤ᠂ ᠠᠷᠠᠳ ᠤᠯᠠᠨ᠎ᠤ ᠰᠠᠢ᠌ᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ᠎ᠶᠢ ᠨᠡᠩ ᠰᠠᠢ᠌ᠳᠤᠷ ᠬᠠᠩᠭᠠᠬᠤ᠎ᠳᠤ ᠬᠠᠤᠯᠢ᠎ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠬᠤ ᠴᠢᠬᠤᠯᠠᠲᠠᠢ ᠶᠤᠮ᠃

ᠠᠰᠠᠭᠤᠯᠲᠠ᠄ ᠲᠣᠭᠲᠠᠭᠠᠯ᠎ᠤᠨ ᠶᠡᠷᠦᠩᠬᠡᠶ ᠰᠡᠳᠬᠢᠮᠵᠢ ᠨᠢ ᠶᠠᠭᠤ ᠪᠣᠶ?

ᠬᠠᠷᠢᠭᠤᠯᠲᠠ᠄ ᠲᠤᠬᠳᠠᠭᠠᠯ ᠳ᠋ᠤ ᠶᠡᠷᠦᠩᠬᠡᠶ ᠰᠡᠳᠬᠢᠮᠵᠢ ᠵᠢᠨ ᠲᠠᠯ᠎ᠠ ᠪᠡᠷ ᠭᠤᠤᠯᠳᠠᠭᠤ ᠲᠤᠤᠷᠠᠬᠢ ᠭᠤᠷᠪᠡᠨ ᠲᠠᠯ᠎ᠠ ᠵᠢ ᠡᠵᠡᠮᠳᠡᠪᠡ᠄ ᠨᠢᠭᠡ ᠳ᠋ᠤ᠂ ᠤᠷᠤᠨ ᠰᠠᠭᠤᠴᠡ ᠵᠢᠨ ᠨᠡᠢᠳᠠ ᠵᠢᠨ ᠬᠤᠷᠠᠮᠳᠤᠭᠤᠯᠭ᠎ᠠ ᠵᠢᠨ ᠮᠦᠨᠭᠭᠦ ᠵᠢᠨ ᠲᠦᠷᠢᠮ ᠤ᠋ᠨ ᠦᠭᠡᠷᠡᠴᠢᠯᠡᠯᠳᠠ ᠵᠢ ᠬᠦᠨᠵᠡᠭᠡᠢᠷᠠᠬᠦᠯᠬᠦ ᠲᠤᠬᠠᠢ ᠨᠠᠮ ᠤ᠋ᠨ ᠲᠦᠪ ᠬᠤᠷᠢᠶ᠎ᠠ᠂ ᠲᠦᠷᠦ ᠵᠢᠨ ᠶᠠᠪᠤᠳᠠᠯ ᠤ᠋ᠨ ᠬᠤᠷᠢᠶ᠎ᠠ ᠵᠢᠨ ᠰᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ ᠪᠠ ᠦᠢᠯᠡᠳᠤᠯᠭᠡ ᠵᠢᠨ ᠲᠤᠮᠳᠠᠬᠢ ᠪᠦᠳᠦᠮᠵᠢᠳᠠᠢ ᠲᠤᠷᠰᠢᠯᠭ᠎ᠠ ᠬᠢᠳᠠᠯ ᠢ᠋ ᠲᠦᠷᠢᠮ ᠤ᠋ᠨ ᠵᠢᠷᠤᠮᠵᠢᠯ ᠪᠤᠯᠭᠠᠨ ᠬᠤᠪᠢᠷᠠᠭᠤᠯᠪᠠ᠃ ᠬᠣᠶᠠᠷ᠎ᠲᠤ᠌᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠦᠷᠢᠮ᠎ᠢ ᠰᠢᠯᠢᠳᠡᠭᠵᠢᠭᠦᠯᠬᠦ᠌ ᠲᠤᠬᠠᠶ ᠠᠷᠠᠳ ᠣᠯᠠᠨ᠎ᠤ ᠭᠤᠤᠯ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠦᠷᠢᠮ᠎ᠦᠨ ᠵᠢᠷᠤᠭ ᠲᠥᠯᠥᠪᠯᠡᠭᠡ᠎ᠶᠢ ᠲᠡᠭᠦᠯᠳᠡᠷᠵᠢᠭᠦᠯᠵᠦ᠍᠂ ᠵᠠᠰᠠᠪᠤᠷᠢ ᠣᠷᠣᠭᠤᠯᠬᠤ᠎ᠶᠢᠨ ᠬᠠᠨᠳᠤᠯᠭᠠᠲᠤ᠌ ᠴᠢᠨᠠᠷ ᠪᠠ ᠪᠣᠳᠠᠲᠤ᠌ ᠦᠷ᠎ᠡ ᠪᠦᠳᠤᠮᠵᠢᠳᠤ ᠴᠢᠨᠠᠷ᠎ᠢ ᠴᠢᠩᠭᠠᠷᠠᠭᠤᠯᠪᠠ᠃ ᠭᠤᠷᠪᠠ᠎ᠳᠤ᠂ ᠢᠳᠡᠪᠬᠢᠲᠡᠢ ᠪᠥᠭᠡᠳ ᠯᠠᠪᠳᠠᠭᠤᠨ ᠪᠠᠶ᠋ᠢᠬᠤ᠎ᠶᠢ ᠪᠠᠷᠢᠮᠲᠠᠯᠠᠵᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠪᠡᠯᠡ ᠮᠥᠩᠭᠥ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠬᠡᠷᠡᠭᠯᠡᠬᠦ᠌ ᠦᠢᠯᠡᠳᠦᠯ ᠴᠢᠳᠠᠪᠤᠷᠢ᠎ᠶᠢ ᠨᠢ ᠳᠡᠭᠡᠭᠰᠢᠯᠡᠭᠦᠯᠵᠦ᠍᠂ ᠭᠡᠷ ᠭᠠᠵᠠᠷ ᠤ᠋ᠨ ᠬᠦᠷᠦᠨᠭᠭᠡ᠎ᠶᠢᠨ ᠬᠥᠭᠵᠢᠯᠲᠡ᠎ᠶᠢᠨ ᠪᠠᠶ᠋ᠢᠳᠠᠯ ᠪᠠ ᠲᠤᠰᠢᠶᠠᠨ ᠬᠠᠳᠠᠭᠠᠯᠠᠬᠴᠢ᠎ᠶᠢᠨ ᠤᠯᠠᠨ ᠶᠠᠨᠭᠵᠤᠵᠢᠭᠰᠠᠨ ᠣᠷᠣᠨ ᠰᠠᠭᠤᠴᠠ᠎ᠶᠢᠨ ᠬᠡᠷᠡᠭᠯᠡᠭᠡᠨ᠎ᠦ ᠬᠡᠷᠡᠭᠴᠡᠭᠡ᠎ᠳᠦ ᠨᠡᠩ ᠰᠠᠶ᠋ᠢᠲᠤᠷ ᠵᠣᠬᠢᠴᠠᠭᠤᠯᠪᠠ᠃

ᠠᠰᠠᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠬᠤ ᠬᠡᠪᠴᠢᠶ᠎ᠡ᠎ᠳᠦ ᠶᠠᠮᠠᠷ ᠶᠠᠮᠠᠷ ᠴᠢᠬᠤᠯᠠ ᠶᠡᠬᠡ ᠬᠤᠪᠢᠷᠠᠯᠲᠠ᠎ᠲᠠᠶ ᠪᠣᠶ?

ᠬᠠᠷᠢᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠬᠤ ᠬᠡᠪᠴᠢᠶ᠎ᠡ ᠪᠣᠯ ᠡᠯ᠎ᠡ ᠲᠠᠯ᠎ᠠ᠎ᠶᠢᠨ ᠬᠢᠨ᠎ᠦ ᠨᠡᠶ᠋ᠢᠳᠡᠮ ᠠᠩᠬᠠᠷᠴᠤ᠌ ᠪᠠᠶ᠋ᠢᠭ᠎ᠠ ᠠᠰᠠᠭᠤᠳᠠᠯ ᠪᠣᠯᠤᠨ᠎ᠠ᠃ ᠲᠣᠭᠲᠠᠭᠠᠯ᠎ᠤᠨ ᠭᠤᠤᠯ ᠠᠭᠤᠯᠭ᠎ᠠ᠎ᠶᠢᠨ ᠨᠢᠭᠡ ᠪᠣᠯ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠬᠤ ᠪᠠ ᠬᠡᠷᠡᠭᠯᠡᠬᠦ᠌ ᠬᠡᠪᠴᠢᠶ᠎ᠡ᠎ᠶᠢ ᠥᠷᠭᠡᠳᠬᠡᠭᠰᠡᠨ ᠶᠠᠪᠤᠳᠠᠯ ᠪᠣᠯᠤᠨ᠎ᠠ᠂ ᠡᠭᠦᠨ᠎ᠳᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠴᠤ᠌ ᠬᠡᠷ᠎ᠦᠨ ᠲᠦᠷᠢᠶᠡᠰᠦᠨ ᠮᠦᠩᠬᠦ ᠲᠤᠰᠢᠶᠠᠬᠤ ᠳ᠋ᠤ ᠬᠡᠷ᠎ᠦᠨ ᠲᠦᠷᠢᠶᠡᠰᠦᠨ ᠮᠦᠩᠬᠦ᠎ᠨᠢ ᠬᠡᠷ ᠪᠦᠯᠢ᠎ᠶᠢᠨ ᠴᠠᠯᠢᠩ᠎ᠤᠨ ᠣᠷᠣᠯᠭ᠎ᠠ᠎ᠶᠢᠨ ᠲᠣᠭᠲᠠᠭᠠᠭᠰᠠᠨ ᠬᠠᠷᠢᠴᠠᠯ᠎ᠡᠴᠡ ᠬᠡᠲᠦᠷᠡᠬᠦ ᠪᠠᠷᠢᠮᠵᠢᠶ᠎ᠠ ᠬᠢᠵᠠᠭᠠᠷᠯᠠᠯ᠎ᠢ ᠳᠠᠭᠢᠵᠤ ᠲᠣᠭᠲᠠᠭᠠᠬᠤ ᠥᠬᠡᠶ᠂ ᠥᠪᠡᠰᠦᠪᠡᠨ ᠰᠠᠭᠤᠬᠤ ᠣᠷᠣᠨ ᠰᠠᠭᠤᠴᠠ᠎ᠶᠢ ᠵᠠᠰᠠᠵᠤ ᠴᠢᠮᠡᠭᠯᠡᠬᠦ᠌᠂ ᠥᠪᠡᠰᠦᠪᠡᠨ ᠰᠠᠭᠤᠬᠤ ᠣᠷᠣᠨ ᠰᠠᠭᠤᠴᠠ᠎ᠶᠢᠨ ᠠᠳᠠᠯ ᠠᠬᠤᠶ᠎ᠶᠢᠨ ᠬᠠᠮᠢᠶᠠᠷᠤᠯᠳᠠ ᠵᠢᠨ ᠰᠦᠢᠳᠬᠡᠯ ᠲᠤᠰᠢᠶᠠᠬᠤ ᠵᠡᠷᠭᠡ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠴᠤ᠌ ᠪᠣᠯᠬᠤ ᠪᠠᠶ᠋ᠢᠳᠠᠯ ᠢ᠋ ᠰᠢᠨ᠎ᠠ ᠪᠡᠷ ᠨᠡᠮᠡᠭᠰᠡᠨ ᠵᠡᠷᠭᠡ ᠪᠠᠬᠳᠠᠨ᠎ᠠ᠃ ᠡᠨᠡ ᠬᠦ᠌ ᠠᠰᠠᠭᠤᠳᠠᠯ ᠳᠡᠭᠡᠷ᠎ᠡ᠂ ᠲᠤᠬᠳᠠᠭᠠᠯ ᠳ᠋ᠤ ᠢᠳᠡᠪᠬᠢᠲᠡᠶ ᠪᠥᠭᠡᠳ ᠯᠠᠪᠳᠠᠭᠤᠨ᠂ ᠨᠢᠭᠡᠳᠦᠯᠲᠡᠶ ᠲᠥᠯᠥᠪᠵᠢᠬᠦᠯᠤᠨ ᠨᠡᠶ᠋ᠢᠲᠡ᠎ᠳᠦᠨᠢ ᠬᠠᠷᠠᠭᠠᠯᠵᠠᠬᠤ᠎ᠶᠢ ᠪᠠᠷᠢᠮᠲᠠᠯᠠᠵᠤ᠂ ᠣᠷᠣᠨ ᠰᠠᠭᠤᠴᠠ᠎ᠶᠢᠨ ᠬᠡᠷᠡᠭᠯᠡᠭᠡ ᠪᠠ ᠲᠤᠰᠢᠶᠠᠨ ᠬᠠᠳᠠᠭᠠᠯᠠᠬᠴᠢ ᠭᠡᠬᠦ᠌ ᠬᠣᠶᠠᠷ ᠭᠤᠤᠯ ᠡᠯᠧᠮᠧᠨ᠋ᠲ᠎ᠢ ᠴᠢᠩᠭ᠎ᠠ ᠠᠳᠬᠤᠵᠤ᠂ ᠦᠢᠯᠡᠳᠦᠯᠭᠡ᠎ᠶᠢᠨ ᠳᠤᠮᠳᠠ ᠬᠡᠷᠡᠭᠴᠡᠭᠡ᠎ᠪᠡᠷ ᠨᠡᠯᠢᠶᠡᠳ ᠲᠦᠭᠡᠮᠡᠯ ᠪᠥᠭᠡᠳ ᠪᠠᠴᠢᠮ ᠱᠠᠭᠠᠷᠳᠠᠭᠳᠠᠵᠤ ᠪᠠᠶ᠋ᠢᠭ᠎ᠠ ᠬᠡᠷ᠎ᠦᠨ ᠲᠦᠷᠢᠶᠡᠰᠦᠨ ᠮᠦᠩᠬᠦ ᠵᠢᠴᠢ ᠵᠠᠰᠠᠵᠤ ᠴᠢᠮᠡᠭᠯᠡᠬᠦ᠌ ᠰᠦᠢᠳᠬᠡᠯ᠂ ᠠᠳᠠᠯ ᠠᠬᠤᠶ᠎ᠶᠢᠨ ᠬᠠᠮᠢᠶᠠᠷᠤᠯᠳᠠ ᠵᠢᠨ ᠰᠦᠢᠳᠬᠡᠯ᠎ᠢ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠌ ᠵᠢ ᠭᠠᠷᠭᠠᠨ ᠠᠪᠬᠤ ᠬᠡᠪᠴᠢᠶᠡᠨ᠎ᠳᠦ ᠤᠯᠠᠮ ᠨᠢᠭᠡ ᠠᠯᠬᠤᠮ ᠣᠷᠣᠭᠤᠯᠵᠤ᠂ ᠲᠤᠰᠢᠶᠠᠨ ᠬᠠᠳᠠᠭᠠᠯᠠᠬᠴᠢ᠎ᠶᠢᠨ ᠣᠷᠣᠨ ᠰᠠᠭᠤᠴᠠ᠎ᠶᠢᠨ ᠬᠡᠷᠡᠭᠯᠡᠭᠡᠨ᠎ᠦ ᠣᠯᠠᠨ ᠶᠠᠨᠭ᠌ᠵᠤᠵᠢᠭᠰᠠᠨ ᠬᠡᠷᠡᠭᠴᠡᠭᠡ᠎ᠶᠢ ᠨᠠᠩ ᠰᠠᠶ᠋ᠢᠲᠤᠷ ᠬᠠᠩᠭᠠᠪᠠ᠃ ᠲᠤᠬᠳᠠᠭᠠᠯ ᠳ᠋ᠤ ᠡᠭᠦᠨ᠎ᠦ ᠵᠡᠷᠭᠡ᠎ᠪᠡᠷ 《ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠵᠥᠪᠰᠢᠶᠡᠷᠡᠭᠰᠡᠨ ᠣᠷᠣᠨ ᠰᠠᠭᠤᠴᠠ᠎ᠶᠢᠨ ᠬᠡᠷᠡᠭᠯᠡᠭᠡᠨ᠎ᠦ ᠪᠤᠰᠤᠳ ᠪᠠᠶ᠋ᠢᠳᠠᠯ》 ᠭᠡᠬᠦ᠌ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠲᠣᠭᠲᠠᠭᠠᠯ᠎ᠢ ᠨᠡᠮᠡᠵᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠬᠤ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠬᠦ᠌᠎ᠳᠦ ᠲᠦᠷᠢᠮ᠎ᠦᠨ ᠣᠷᠣᠨ ᠵᠠᠶ ᠦᠯᠡᠳᠡᠭᠡᠵᠦ᠍ ᠥᠭᠪᠠ᠃

ᠠᠰᠠᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?

ᠬᠠᠷᠢᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠌ ᠪᠣᠯ ᠡᠯ᠎ᠡ ᠲᠠᠯ᠎ᠠ᠎ᠶᠢᠨ ᠬᠢᠨ᠎ᠦ ᠨᠡᠶ᠋ᠢᠳᠡᠮ᠎ᠦᠨ ᠬᠦᠰᠡᠯ ᠡᠷᠡᠮᠡᠯᠵᠡᠯ ᠮᠥᠨ᠃ ᠲᠣᠭᠲᠠᠭᠠᠯ᠎ᠳᠤ ᠡᠭᠦᠨ᠎ᠦ ᠲᠤᠬᠠᠶ ᠭᠤᠤᠯᠳᠠᠭᠤ ᠳᠥᠷᠪᠡᠨ ᠲᠠᠯ᠎ᠠ᠎ᠶᠢᠨ ᠠᠷᠭ᠎ᠠ ᠬᠡᠮᠵᠢᠶ᠎ᠡ᠎ᠶᠢ ᠲᠣᠳᠣᠷᠬᠠᠶ ᠲᠣᠭᠲᠠᠭᠠᠵᠠᠶ᠄ ᠨᠢᠭᠡ᠎ᠳᠦ᠂ ᠠᠵᠢᠯᠲᠠᠨ ᠠᠵᠢᠯᠴᠢᠨ᠎ᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠡᠨ ᠭᠠᠷᠭᠠᠨ ᠠᠪᠬᠤ᠎ᠪᠠᠷ ᠭᠤᠶᠤᠴᠢᠯᠠᠬᠤ ᠭᠠᠷᠳᠠᠮ᠎ᠢ ᠳᠥᠭᠥᠮᠴᠢᠯᠡᠵᠦ᠍᠂ ᠪᠠᠶ᠋ᠢᠭ᠎ᠠ ᠨᠢᠭᠡᠴᠢ ᠨᠢ ᠳᠠᠭᠢᠵᠤ ᠬᠢᠨᠠᠨ ᠬᠠᠷᠭᠤᠭᠤᠯᠬᠤ ᠪᠠ ᠭᠠᠷᠭᠠᠨ ᠠᠪᠬᠤ ᠭᠡᠷᠡᠴᠢ ᠭᠠᠷᠭᠠᠬᠤ ᠴᠢᠬᠤᠯᠠ ᠥᠬᠡᠶ᠃ ᠬᠣᠶᠠᠷ᠎ᠲᠤ᠌᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ᠎ᠶᠢᠨ ᠭᠤᠶᠤᠴᠢᠯᠠᠯ᠎ᠢ ᠬᠢᠨᠠᠨ ᠪᠠᠶ᠋ᠢᠴᠠᠭᠠᠬᠤ ᠴᠠᠭ᠎ᠤᠨ ᠬᠢᠵᠠᠭᠠᠷ᠎ᠢ ᠪᠣᠭᠣᠨᠢᠰᠬᠠᠵᠤ᠂ 15 ᠡᠳᠦᠷ᠎ᠪᠠᠢᠭᠰᠠᠨ᠎ᠢ 10 ᠡᠳᠦᠷ ᠪᠣᠯᠭᠠᠨ ᠪᠣᠭᠣᠨᠢᠰᠬᠠᠪᠠ᠃ ᠭᠤᠷᠪᠠ᠎ᠳᠤ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠭᠤᠤᠯᠯᠠᠨ  ᠬᠠᠮᠢᠶᠠᠷᠬᠤ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠥᠪ᠎ᠦᠨ ᠲᠣᠭᠠᠴᠢᠯᠠᠭᠰᠠᠨ᠂ ᠤᠶᠤᠨᠴᠢᠯᠠᠭᠰᠠᠨ ᠪᠥᠲᠥᠭᠡᠨ ᠪᠠᠶ᠋ᠢᠭᠤᠯᠤᠯᠲᠠ᠎ᠪᠠᠨ ᠴᠢᠩᠭᠠᠳᠬᠠᠵᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠌ ᠵᠢ ᠲᠤᠰᠢᠶᠠᠨ ᠬᠠᠳᠠᠭᠠᠯᠠᠭᠤᠯᠤᠭᠰᠠᠨ ᠲᠡᠮᠳᠡᠭᠯᠡᠯ ᠵᠡᠷᠭᠡ ᠪᠥᠬᠥ᠌ ᠤᠯᠤᠰ᠎ᠤᠨ ᠬᠡᠪᠴᠢᠶᠡᠨ᠎ᠳᠦ ᠬᠠᠷᠢᠯᠴᠠᠨ ᠢᠲᠡᠭᠡᠯᠴᠡᠵᠦ᠍ ᠬᠠᠷᠢᠯᠴᠠᠨ ᠮᠡᠳᠡᠷᠡᠬᠦ᠌᠎ᠶᠢ ᠪᠡᠶᠡᠯᠡᠭᠦᠯᠵᠦ᠍᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠰᠢᠯᠵᠢᠭᠦᠯᠦᠨ ᠦᠷᠭᠦᠯᠵᠢᠯᠡᠭᠦᠯᠬᠦ᠌᠂ ᠤᠨᠳᠤᠤ ᠭᠠᠵᠠᠷ᠎ᠲᠤ᠌ ᠵᠢᠭᠡᠯᠡᠯᠭᠡ ᠲᠠᠯᠪᠢᠬᠤ ᠵᠡᠷᠭᠡ ᠲᠤᠬᠠᠶ᠋ᠢᠯᠠᠭᠰᠠᠨ ᠠᠵᠢᠯ᠎ᠢ ᠳᠥᠭᠥᠮ ᠲᠦᠷᠬᠡᠡ ᠪᠥᠭᠡᠳ ᠥᠨᠳᠥᠷ ᠪᠦᠲᠦᠮᠵᠢᠲᠡᠶ᠎ᠪᠡᠷ ᠭᠦᠢᠴᠡᠳᠬᠡᠬᠦ᠌᠎ᠶᠢ ᠠᠬᠢᠭᠤᠯᠬᠤ ᠬᠡᠷᠡᠭᠲᠡᠶ ᠭᠡᠵᠦ᠍ ᠱᠠᠭᠠᠷᠳᠠᠪᠠ᠃ ᠳᠥᠷᠪᠡ᠎ᠳᠦ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠥᠪ ᠨᠢ ᠪᠠᠢᠭᠤᠯᠭ᠎ᠠ ᠨᠢᠭᠡᠴᠢ᠎ᠶᠢ ᠱᠠᠯᠠᠪᠳᠠᠭᠤᠯᠵᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠲᠤᠰᠢᠶᠠᠵᠤ ᠬᠠᠳᠠᠭᠠᠯᠠᠭᠤᠯᠬᠤ ᠪᠠ ᠲᠣᠭ᠎ᠠ ᠶᠣᠰᠣᠭᠠᠷ ᠲᠤᠰᠢᠶᠠᠵᠤ ᠬᠠᠳᠠᠭᠠᠯᠠᠭᠤᠯᠬᠤ ᠵᠡᠷᠭᠡ ᠡᠭᠦᠷᠭᠡ᠎ᠶᠢ ᠴᠠᠭ ᠲᠤᠬᠠᠶ᠎ᠳᠤᠨᠢ ᠭᠦᠢᠴᠡᠳᠬᠡᠭᠦᠯᠬᠦ᠌ ᠬᠡᠷᠡᠭᠲᠡᠶ ᠭᠡᠵᠦ᠍ ᠲᠣᠳᠣᠷᠬᠠᠢᠯᠠᠬᠰᠡᠨ ᠪᠥᠭᠡᠳ ᠪᠠᠢᠭᠤᠯᠭ᠎ᠠ ᠨᠢᠭᠡᠴᠢ᠎ᠶᠢᠨ ᠡᠭᠦᠷᠭᠡ᠎ᠪᠡᠨ ᠭᠦᠢᠴᠡᠳᠬᠡᠬᠦ᠌᠎ᠶᠢ ᠱᠠᠯᠠᠪᠳᠠᠭᠤᠯᠤᠭᠰᠠᠨ ᠥᠬᠡᠶ ᠦᠢᠯᠡ ᠠᠵᠢᠯᠯᠠᠭ᠎ᠠ᠎ᠶᠢᠨ ᠬᠠᠤᠯᠢ᠎ᠶᠢᠨ ᠬᠠᠷᠢᠭᠤᠴᠠᠯᠭ᠎ᠠ᠎ᠶᠢ ᠲᠣᠳᠣᠷᠬᠠᠢᠯᠠᠪᠠ᠃

ᠠᠰᠠᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠪᠠᠯᠠ ᠮᠥᠩᠭᠥ᠎ᠶᠢᠨ ᠠᠶᠤᠯ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌᠎ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ ᠪᠣᠶ?

ᠬᠠᠷᠢᠭᠤᠯᠲᠠ᠄ ᠠᠶᠤᠯ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠪᠠᠯᠠ ᠮᠥᠩᠭᠥ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠵᠢᠭᠡᠯᠡᠯᠭᠡ᠎ᠶᠢ ᠭᠠᠷᠭᠠᠨ ᠠᠪᠬᠤ ᠮᠡᠬᠡᠯᠡᠨ ᠠᠪᠬᠤ ᠵᠡᠷᠭᠡ ᠠᠶᠤᠯ ᠲᠦᠭᠰᠢᠭᠦᠷᠢ᠎ᠶᠢ ᠰᠡᠷᠭᠡᠶ᠋ᠢᠯᠡᠬᠦ᠌᠎ᠶᠢᠨ ᠲᠥᠯᠥᠭᠡ᠂ ᠲᠣᠭᠲᠠᠭᠠᠯ᠎ᠳᠤ ᠭᠤᠤᠯᠳᠠᠭᠤ ᠬᠣᠶᠠᠷ ᠲᠠᠯ᠎ᠠ᠎ᠶᠢᠨ ᠠᠷᠭ᠎ᠠ ᠬᠡᠮᠵᠢᠶ᠎ᠡ᠎ᠶᠢ ᠲᠣᠳᠣᠷᠬᠠᠶ᠋ᠢᠯᠠᠪᠠ᠃ ᠨᠢᠭᠡ᠎ᠳᠦ᠂ ᠢᠲᠡᠭᠡᠮᠵᠢ᠎ᠪᠡᠷ ᠬᠢᠵᠠᠭᠠᠷᠯᠠᠬᠤ᠎ᠵᠢ ᠴᠢᠩᠭᠠᠳᠬᠠᠵᠤ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠭᠤᠤᠯᠯᠡᠨ ᠬᠠᠮᠢᠶᠠᠷᠬᠤ ᠰᠠᠯᠠᠭ᠎ᠠ ᠮᠥᠴᠢᠷ᠎ᠡᠴᠡ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠦᠷᠢᠶᠡᠨ᠎ᠳᠡᠬᠢ ᠣᠯᠠᠨ ᠨᠡᠶ᠋ᠢᠲᠡ᠎ᠶᠢᠨ ᠢᠲᠡᠭᠡᠮᠵᠢ᠎ᠶᠢᠨ ᠮᠡᠳᠡᠭᠡ ᠵᠠᠩᠭᠢ᠎ᠶᠢ ᠲᠣᠭᠲᠠᠭᠠᠵᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠥᠪ᠎ᠨᠢ ᠪᠦᠷᠢᠨ ᠪᠦᠲᠦᠨ ᠵᠥᠪ ᠣᠨᠣᠪᠴᠢᠲᠠᠶ ᠢᠲᠡᠭᠡᠮᠵᠢ᠎ᠶᠢᠨ ᠲᠡᠮᠳᠡᠭᠯᠡᠯ᠎ᠢ ᠪᠠᠶ᠋ᠢᠭᠤᠯᠬᠤ᠎ᠶᠢᠨ ᠬᠠᠮᠲᠤ᠌ ᠪᠥᠬᠥ᠌ ᠤᠯᠤᠰ᠎ᠤᠨ ᠢᠲᠡᠭᠡᠮᠵᠢ᠎ᠶᠢᠨ ᠮᠡᠳᠡᠭᠡ ᠵᠠᠩᠭᠢ᠎ᠶᠢ ᠬᠠᠮᠲᠤ᠎ᠪᠠᠷ ᠭᠥᠷᠳᠡᠬᠦ᠌ ᠲᠠᠪᠴᠠᠩ᠎ᠳᠤ ᠣᠷᠣᠭᠤᠯᠬᠤ ᠬᠡᠷᠡᠭᠲᠡᠶ ᠭᠡᠵᠦ᠍ ᠲᠣᠭᠲᠠᠭᠠᠪᠠ᠃ ᠬᠣᠶᠠᠷ᠎ᠲᠤ᠌᠂ ᠰᠢᠢᠳᠬᠡᠨ ᠲᠣᠷᠭᠠᠬᠤ ᠲᠣᠭᠲᠠᠭᠠᠯ᠎ᠢ ᠲᠡᠭᠦᠯᠳᠡᠷᠵᠢᠭᠦᠯᠵᠦ᠍᠂ ᠮᠡᠬᠡᠯᠡᠨ ᠬᠢᠬᠠᠨ ᠠᠪᠬᠤ᠂ ᠭᠡᠷᠡᠴᠢ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ᠎ᠢᠶᠠᠷ ᠬᠠᠤᠯᠢ ᠪᠤᠰᠤ᠎ᠪᠠᠷ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠴᠤ᠌᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ ᠣᠯᠤᠭᠰᠠᠨ ᠦᠢᠯᠡ ᠠᠵᠢᠯᠯᠠᠭ᠎ᠠ᠎ᠶᠢᠨ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢ ᠲᠣᠳᠣᠷᠬᠠᠢᠯᠠᠪᠠ᠃

ᠠᠰᠠᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠦᠷᠢᠮ᠎ᠦᠨ ᠪᠦᠷᠬᠦᠬᠦᠯᠬᠦ ᠬᠡᠪᠴᠢᠶ᠎ᠡ᠎ᠶᠢ ᠬᠡᠷᠬᠢᠨ ᠥᠷᠭᠡᠳᠬᠡᠬᠦ᠌ ᠪᠣᠶ?

ᠬᠠᠷᠢᠭᠤᠯᠲᠠ᠄ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠦᠷᠢᠮ᠎ᠦᠨ ᠪᠦᠷᠬᠦᠬᠦᠯᠬᠦ ᠬᠡᠪᠴᠢᠶ᠎ᠡ᠎ᠶᠢ ᠠᠮᠢᠳᠤᠯᠢᠭ᠎ᠢᠶᠠᠷ ᠠᠵᠢᠯ ᠤᠯᠤᠭᠰᠠᠳ᠎ᠲᠤ᠌ ᠬᠦᠷᠲᠡᠯ᠎ᠡ ᠥᠷᠭᠡᠳᠬᠡᠬᠦ᠌ ᠪᠣᠯ ᠮᠠᠨ᠎ᠤ ᠤᠯᠤᠰ᠎ᠤᠨ ᠠᠵᠢᠯ ᠣᠯᠭᠣᠯᠲᠠ᠎ᠶᠢᠨ ᠪᠦᠲᠦᠴᠡ᠎ᠶᠢᠨ ᠬᠤᠪᠢᠷᠠᠯᠲᠠ᠎ᠳᠤ ᠵᠣᠬᠢᠴᠠᠭᠤᠯᠬᠤ᠂ ᠲᠦᠷᠢᠮ᠎ᠦᠨ ᠲᠦᠭᠡᠮᠡᠯ ᠬᠠᠷᠠᠭᠠᠯᠵᠠᠯ᠎ᠤᠨ ᠴᠢᠨᠠᠷ᠎ᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠠᠮᠢᠳᠤᠯᠢᠭ᠎ᠢᠶᠠᠷ ᠠᠵᠢᠯ ᠤᠯᠤᠭᠰᠠᠳ᠎ᠦᠨ ᠪᠣᠳᠠᠲᠤ᠌ ᠪᠠᠶ᠋ᠢᠳᠠᠯ ᠪᠠ ᠭᠠᠵᠠᠷ ᠣᠷᠣᠨ᠎ᠤ ᠬᠥᠭᠵᠢᠯᠲᠡ᠎ᠶᠢᠨ ᠬᠢᠷᠢ ᠲᠦᠪᠰᠢᠨ᠎ᠦ ᠵᠥᠷᠢᠶ᠎ᠡ᠎ᠶᠢ ᠪᠣᠳᠣᠯᠬᠢᠯᠠᠭᠠᠳ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠦᠷᠢᠮ᠎ᠦᠨ ᠪᠦᠷᠬᠦᠬᠦᠯᠬᠦ ᠬᠡᠪᠴᠢᠶ᠎ᠡ᠎ᠶᠢ ᠥᠷᠭᠡᠳᠬᠡᠬᠦ᠌ ᠠᠰᠠᠭᠤᠳᠠᠯ᠎ᠤᠨ ᠲᠠᠯ᠎ᠠ᠎ᠪᠠᠷ ᠬᠣᠶᠠᠷ ᠲᠠᠯ᠎ᠠ᠎ᠶᠢ ᠪᠠᠷᠢᠮᠲᠠᠯᠠᠬᠤ᠎ᠪᠠᠷ ᠲᠣᠭᠲᠠᠭᠠᠪᠠ᠄ ᠨᠢᠭᠡ᠎ᠳᠦ᠂ ᠠᠮᠢᠳᠤᠯᠢᠭ᠎ᠢᠶᠠᠷ ᠠᠵᠢᠯ ᠤᠯᠤᠭᠰᠠᠳ᠎ᠦᠨ ᠬᠦᠰᠡᠯ ᠰᠠᠨᠠᠭ᠎ᠠ᠎ᠶᠢ ᠬᠦᠨᠳᠦᠳᠬᠡᠵᠦ᠍᠂ ᠠᠯᠪᠠᠳᠠᠬᠤ ᠪᠠ 《ᠨᠢᠭᠡ ᠯᠡ ᠠᠳᠠᠯᠢ᠎ᠪᠠᠷ ᠱᠠᠭᠠᠷᠳᠠᠵᠤ》 ᠪᠣᠯᠬᠤ ᠥᠬᠡᠶ᠂ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ᠂ ᠪᠦᠬᠦᠯᠢ ᠡᠳᠦᠷ᠎ᠦᠨ ᠳᠦᠷᠢᠮᠲᠦ᠍ ᠪᠤᠰᠤ ᠠᠵᠢᠯ ᠡᠷᠬᠢᠯᠡᠭᠰᠡᠳ ᠵᠢᠴᠢ ᠪᠤᠰᠤᠳ ᠠᠮᠢᠳᠤᠯᠢᠭ᠎ᠢᠶᠠᠷ ᠠᠵᠢᠯ ᠣᠯᠤᠭᠰᠠᠳ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠰᠠᠶ᠋ᠢᠨ ᠳᠤᠷ᠎ᠠ᠎ᠡᠴᠡ᠎ᠪᠠᠨ ᠲᠤᠰᠢᠶᠠᠨ ᠬᠠᠳᠠᠭᠠᠯᠠᠵᠤ᠂ ᠲᠣᠭᠲᠠᠭᠠᠯ ᠶᠣᠰᠣᠭᠠᠷ ᠬᠠᠷᠠᠭᠠᠯᠵᠠᠬᠰᠠᠨ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠭᠥᠷᠳᠡᠵᠦ᠍ ᠪᠣᠯᠤᠨ᠎ᠠ᠃ ᠬᠣᠶᠠᠷ᠎ᠲᠤ᠌᠂ ᠲᠣᠭᠣᠷᠢᠭ ᠪᠠᠶ᠋ᠢᠭᠤᠯᠤᠭᠰᠠᠨ ᠬᠣᠲᠠ᠎ᠶᠢᠨ ᠱᠠᠲᠤᠨ᠎ᠡᠴᠡ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠵᠤ ᠪᠣᠳᠠᠲᠠᠶ ᠠᠷᠭ᠎ᠠ᠎ᠶᠢ ᠲᠣᠭᠲᠠᠭᠠᠯᠭᠠᠬᠤ᠎ᠶᠢᠨ ᠵᠡᠷᠭᠡ᠎ᠳᠦ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ ᠵᠡᠷᠭᠡ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ ᠵᠢᠯᠣᠭᠣᠳᠣᠯᠭ᠎ᠠ᠎ᠪᠠᠨ ᠴᠢᠩᠭᠠᠳᠬᠠᠬᠤ ᠬᠡᠷᠡᠭᠳᠡᠢ ᠭᠡᠵᠤ ᠲᠣᠳᠣᠷᠬᠠᠢᠯᠠᠪᠠ᠃

ᠠᠰᠠᠭᠤᠯᠲᠠ᠄ ᠲᠣᠭᠲᠠᠭᠠᠯ᠎ᠢ ᠤᠷᠤᠭᠰᠢᠲᠠᠶ ᠬᠡᠷᠡᠭᠵᠢᠭᠦᠯᠬᠦ᠌᠎ᠶᠢ ᠪᠠᠲᠤᠯᠠᠬᠤ᠎ᠶᠢᠨ ᠲᠥᠯᠥᠭᠡ᠂ ᠶᠠᠮᠠᠷ ᠶᠠᠮᠠᠷ ᠠᠵᠢᠯ᠎ᠢ ᠭᠤᠤᠯᠳᠠᠯᠭ᠎ᠠ᠎ᠲᠠᠶ ᠰᠠᠶ᠋ᠢᠲᠤᠷ ᠬᠢᠬᠦ᠌ ᠴᠢᠬᠤᠯᠠᠲᠠᠶ ᠪᠣᠶ?

ᠬᠠᠷᠢᠭᠤᠯᠲᠠ᠄ ᠲᠣᠭᠲᠠᠭᠠᠯ᠎ᠢ ᠲᠤᠭᠤᠰᠢᠯᠠᠭᠤᠯᠤᠨ ᠬᠡᠷᠡᠭᠵᠢᠭᠦᠯᠬᠦ᠌᠎ᠶᠢ ᠪᠠᠲᠤᠯᠠᠬᠤ᠎ᠶᠢᠨ ᠲᠥᠯᠥᠭᠡ᠂ ᠬᠣᠯᠪᠣᠭᠳᠠᠯ ᠪᠥᠬᠥᠶ ᠲᠠᠯ᠎ᠠ᠎ᠶᠢᠨ᠎ᠬᠢᠨ ᠳᠤᠤᠷᠠᠬᠢ ᠬᠡᠳᠦᠨ ᠲᠠᠯ᠎ᠠ᠎ᠶᠢᠨ ᠠᠵᠢᠯ᠎ᠢ ᠱᠠᠯᠠᠪᠳᠠᠨ ᠰᠠᠶ᠋ᠢᠲᠤᠷ ᠬᠢᠨ᠎ᠠ᠃ ᠨᠢᠭᠡ᠎ᠳᠦ᠂ ᠤᠬᠠᠭᠤᠯᠬᠤ ᠲᠠᠶ᠋ᠢᠯᠤᠮᠵᠢ ᠬᠢᠬᠦ ᠡᠷᠴᠢᠮ᠎ᠢᠶᠡᠨ ᠴᠢᠩᠭᠠᠷᠠᠭᠤᠯᠤᠨ᠎ᠠ᠃ ᠣᠯᠠᠨ ᠵᠦᠢᠯ᠎ᠦᠨ ᠠᠷᠭ᠎ᠠ ᠬᠡᠯᠪᠡᠷᠢ ᠪᠡᠷ ᠲᠣᠭᠲᠠᠭᠠᠯ᠎ᠤᠨ ᠤᠬᠠᠭᠤᠯᠭ᠎ᠠ ᠲᠠᠶ᠋ᠢᠯᠤᠮᠵᠢ ᠪᠠ ᠪᠣᠯᠪᠠᠰᠤᠷᠠᠯ ᠵᠢᠯᠣᠭᠣᠳᠣᠯᠭ᠎ᠠ ᠬᠢᠬᠦ ᠠᠵᠢᠯ᠎ᠢ᠎ᠰᠠᠶ᠋ᠢᠲᠤᠷ ᠬᠢᠵᠦ᠍᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ ᠠᠵᠢᠯᠲᠠᠨ᠂ ᠨᠡᠶ᠋ᠢᠭᠡᠮ ᠨᠡᠶ᠋ᠢᠲᠡ ᠵᠡᠷᠭᠡ᠎ᠶᠢ ᠬᠠᠪᠰᠤᠷᠤᠨ ᠲᠣᠭᠲᠠᠭᠠᠯ᠎ᠤᠨ ᠠᠭᠤᠯᠭ᠎ᠠ᠎ᠶᠢ ᠨᠠᠩ ᠰᠠᠶ᠋ᠢᠳᠤᠷ ᠡᠵᠡᠮᠰᠢᠭᠦᠯᠵᠦ᠍᠂ ᠲᠣᠭᠲᠠᠭᠠᠯ᠎ᠢ ᠣᠨᠣᠪᠴᠢᠲᠠᠶ ᠣᠶ᠋ᠢᠯᠠᠭᠠᠬᠤ ᠪᠠ ᠴᠢᠩᠭ᠎ᠠ ᠬᠡᠷᠡᠭᠵᠢᠭᠦᠯᠦᠭᠳᠡᠬᠦ᠌᠎ᠶᠢ ᠦᠨᠡᠨ ᠬᠦ᠌ ᠪᠠᠲᠤᠯᠠᠨ᠎ᠠ᠃ ᠬᠣᠶᠠᠷ᠎ᠲᠤ᠌᠂ ᠢᠵᠢ ᠪᠦᠷᠢᠳᠦᠭᠦᠯᠬᠦ᠌ ᠳᠦᠷᠢᠮ᠎ᠢ ᠱᠠᠯᠠᠪᠳᠠᠨ ᠲᠡᠭᠦᠯᠳᠡᠷᠵᠢᠭᠦᠯᠦᠨ᠎ᠡ᠃ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠣᠯᠪᠣᠭᠳᠠᠯ ᠪᠥᠬᠥᠶ ᠢᠵᠢ ᠪᠥᠷᠢᠳᠦᠭᠰᠡᠨ ᠲᠣᠭᠲᠠᠭᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠍᠂ ᠲᠦᠷᠢᠮ᠎ᠦᠨ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠲᠦᠷᠢᠮ᠎ᠦᠨ ᠬᠡᠷᠡᠭᠵᠢᠭᠦᠯᠵᠦ᠍ ᠪᠣᠯᠬᠤᠶ᠋ᠢᠴᠠ ᠴᠢᠨᠠᠷ᠎ᠢ ᠨᠡᠮᠡᠭᠳᠡᠭᠦᠯᠵᠦ᠍᠂ ᠲᠣᠭᠲᠠᠭᠠᠭᠰᠠᠨ ᠲᠣᠭᠲᠠᠭᠠᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠨ᠎ᠠ᠃ ᠭᠤᠷᠪᠠ᠎ᠳᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠶᠢ ᠴᠢᠩᠭᠠᠳᠬᠠᠨ᠎ᠠ᠃ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠌ ᠪᠠ ᠬᠢᠨᠠᠨ ᠬᠠᠮᠢᠶᠠᠷᠬᠤ᠎ᠪᠠᠨ ᠦᠨᠡᠨ ᠬᠦ᠌ ᠴᠢᠩᠭᠠᠳᠬᠠᠵᠤ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠣᠳᠠᠲᠠᠶ ᠬᠡᠷᠡᠭᠵᠢᠭᠦᠯᠬᠦ᠌ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠵᠦ᠍᠂ ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠮᠵᠢᠯᠴᠠᠨ ᠵᠤᠬᠢᠴᠠᠭᠤᠯᠬᠤ᠎ᠪᠠᠨ ᠴᠢᠩᠭᠠᠳᠬᠠᠵᠤ᠂ ᠠᠵᠢᠯ᠎ᠤᠨ ᠬᠠᠮᠳᠤᠷᠠᠯ ᠬᠦᠴᠦᠨ᠎ᠢ ᠪᠣᠶ ᠪᠣᠯᠭᠠᠨ᠂ ᠡᠯ᠎ᠡ ᠵᠦᠢᠯ᠎ᠦᠨ ᠳᠦᠷᠢᠮ᠎ᠦᠨ ᠪᠦᠲᠦᠮᠵᠢᠲᠡᠶ ᠬᠡᠷᠡᠭᠵᠢᠭᠦᠯᠦᠭᠳᠡᠬᠦ᠌᠎ᠶᠢ ᠦᠨᠡᠨ ᠬᠦ᠌ ᠪᠠᠲᠤᠯᠠᠬᠤ ᠬᠡᠷᠡᠭᠳᠡᠢ᠃

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 8 ᠰᠠᠷ᠎ᠠ ᠵᠢᠨ 18 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号