ᠡᠨᠡ ᠵᠢᠯ ᠪᠣᠯ ᠶᠠᠳᠠᠭᠤ ᠠ᠋ᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ 5 ᠵᠢᠯ᠎ᠦᠨ ᠰᠢᠯᠵᠢᠯᠲᠡ᠎ᠶᠢᠨ ᠬᠤᠭᠤᠴᠠᠭ᠎ᠠ ᠳᠠᠭᠤᠰᠤᠭᠰᠠᠨ᠎ᠤ ᠳᠠᠷᠠᠭᠠᠬᠢ ᠪᠠᠢᠩᠭᠤᠵᠢᠭᠤᠯᠤᠨ ᠬᠠᠪᠰᠤᠷᠤᠨ ᠲᠡᠳᠬᠦᠬᠦ ᠠᠩᠬᠠᠨ᠎ᠤ ᠵᠢᠯ ᠮᠥᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠪᠥᠬᠥ ᠲᠠᠯ᠎ᠠ᠎ᠪᠠᠷ ᠪᠠᠢᠷᠢᠯᠠᠭᠤᠯᠪᠠ᠃
ᠰᠤᠷᠭᠠᠨ ᠬᠥᠮᠦᠵᠢᠯ᠎ᠦᠨ ᠲᠢᠩᠬᠢᠮ᠎ᠡᠴᠡ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠪᠠᠢᠩᠭᠤ᠎ᠶᠢᠨ ᠴᠢᠨᠠᠷᠲᠠᠢ ᠬᠠᠪᠰᠤᠷᠤᠨ ᠲᠡᠳᠬᠦᠬᠦ᠎ᠶᠢᠨ ᠣᠷᠳᠣ᠌ ᠬᠤᠭᠤᠴᠠᠭᠠᠲᠤ ᠴᠢᠨᠠᠷ᠂ ᠰᠢᠰᠲᠧᠮᠲᠦ ᠴᠢᠨᠠᠷ ᠪᠠ ᠬᠠᠮᠵᠢᠯᠴᠠᠬᠤ ᠴᠢᠨᠠᠷ᠎ᠢ ᠭᠦᠨᠵᠡᠭᠡᠢ ᠲᠠᠨᠢᠵᠤ᠂ ᠮᠥᠷᠳᠡᠨ ᠳᠠᠭᠠᠵᠤ ᠦᠷ᠎ᠡ ᠪᠦᠲᠦᠮᠵᠢ ᠵᠢ ᠠᠰᠠᠭᠤᠬᠤ᠎ᠶᠢ ᠴᠢᠩᠭᠠᠳᠬᠠᠨ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠲᠤᠯᠠᠭ᠎ᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠰᠤᠷᠭᠠᠨ ᠬᠥᠮᠦᠵᠢᠯ᠎ᠢᠶᠡᠷ ᠬᠠᠪᠰᠤᠷᠤᠨ ᠲᠡᠳᠬᠦᠬᠦ ᠪᠠ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠠᠲᠤᠯᠠᠭ᠎ᠠ᠎ᠶᠢᠨ ᠰᠢᠰᠲ᠋ᠧᠮ᠎ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠎ᠦᠨ ᠲᠦᠪ ᠭᠤᠤᠯᠴᠢ ᠵᠢ ᠪᠠᠳᠤᠯᠠᠵᠤ᠂ ᠰᠤᠷᠤᠯᠭ᠎ᠠ᠎ᠪᠠᠨ ᠳᠣᠷᠭᠣᠨ ᠵᠣᠭᠰᠣᠬᠤ᠎ᠶᠢ ᠰᠡᠷᠭᠡᠢᠯᠡᠨ ᠬᠢᠵᠠᠭᠠᠷᠯᠠᠵᠤ᠂ ᠰᠤᠷᠤᠭ᠍ᠴᠢ ᠵᠢ ᠲᠤᠰᠠᠯᠠᠬᠤ ᠲᠦᠷᠦ᠎ᠶᠢᠨ ᠪᠣᠳᠣᠯᠭ᠎ᠠ᠎ᠶᠢ ᠤᠨᠤᠴᠠᠳᠠᠢ ᠨᠠᠢᠳᠠᠪᠤᠷᠢᠵᠢᠭᠤᠯᠵᠤ᠂ ᠲᠠᠬᠢᠨ ᠶᠠᠳᠠᠭᠤᠷᠠᠭᠰᠠᠨ ᠭᠡᠷ ᠪᠦᠯᠢ᠎ᠶᠢᠨ ᠰᠤᠷᠤᠭ᠍ᠴᠢᠳ᠎ᠢ 《ᠲᠤᠰᠠᠯᠠᠬᠤ ᠶᠣᠰᠣᠲᠠᠢ᠎ᠶᠢ ᠨᠢ ᠪᠦᠬᠦᠨ᠎ᠢ ᠲᠤᠰᠠᠯᠠᠬᠤ》 ᠵᠢ ᠪᠠᠲᠤᠯᠠᠬᠤ ᠬᠡᠷᠡᠭᠲᠡᠢ᠃ ᠴᠢᠨᠠᠷ ᠰᠠᠢᠲᠠᠢ ᠲᠡᠩᠴᠡᠭᠦᠷᠢᠲᠡᠢ ᠬᠦᠭᠵᠢᠯᠳᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠥᠳᠡᠭᠡ ᠲᠣᠰᠬᠣᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠬᠥᠳᠡᠭᠡ ᠲᠣᠰᠬᠣᠨ᠎ᠤ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠰᠤᠷᠭᠠᠨ ᠬᠥᠮᠦᠵᠢᠯ᠎ᠦᠨ ᠲᠣᠭᠠᠴᠢᠯᠠᠯᠳᠠ ᠪᠡᠷ ᠴᠢᠳᠠᠪᠤᠷᠢ ᠣᠯᠭᠣᠬᠤ᠎ᠶᠢ ᠭᠦᠨᠵᠡᠭᠡᠢᠷᠡᠭᠦᠯᠵᠦ᠂ ᠬᠥᠳᠡᠭᠡ ᠲᠣᠰᠬᠣᠨ᠎ᠤ ᠬᠡᠦᠬᠡᠳ᠎ᠤᠨ 《ᠰᠤᠷᠭᠠᠭᠤᠯᠢ᠎ᠳᠤ ᠣᠷᠣᠬᠤ》 ᠪᠡᠷ ᠪᠠᠷᠠᠬᠤ ᠦᠭᠡᠢ 《ᠨᠡᠩ ᠰᠠᠢᠨ ᠰᠤᠷᠭᠠᠭᠤᠯᠢ᠎ᠳᠤ ᠣᠷᠣᠬᠤ》 ᠵᠢ ᠠᠬᠢᠭᠤᠯᠬᠤ ᠬᠡᠷᠡᠭᠲᠡᠢ᠃ ᠰᠤᠷᠭᠠᠭᠤᠯᠢ ᠪᠠ ᠣᠷᠣᠨ ᠨᠤᠲᠤᠭ᠎ᠤᠨ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠬᠠᠪᠰᠤᠷᠤᠨ ᠲᠡᠳᠬᠦᠬᠦ ᠣᠨᠴᠠᠯᠢᠭ᠍ᠲᠤ ᠲᠦᠷᠦᠯ ᠲᠡᠮᠳᠡᠭ᠎ᠢ ᠡᠭᠦᠳᠴᠦ᠂ ᠠᠵᠤ ᠦᠢᠯᠡᠰ᠎ᠢᠶᠡᠷ ᠬᠠᠪᠰᠤᠷᠤᠨ ᠲᠡᠳᠬᠦᠬᠦ᠂ ᠬᠡᠷᠡᠭᠯᠡᠭᠡ᠎ᠪᠡᠷ ᠬᠠᠪᠰᠤᠷᠤᠨ ᠲᠡᠳᠬᠦᠬᠦ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠂ ᠰᠤᠷᠭᠠᠨ ᠬᠥᠮᠦᠵᠢᠯ ᠡᠮ ᠡᠮᠨᠡᠯᠭᠡ᠎ᠪᠡᠷ ᠬᠠᠪᠰᠤᠷᠤᠨ ᠲᠡᠳᠬᠦᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠦᠯᠬᠦᠮ ᠮᠠᠶᠢᠭ᠋᠎ᠤᠨ ᠬᠠᠮᠵᠢᠯᠴᠠᠭ᠎ᠠ᠎ᠶᠢ ᠴᠢᠩᠭᠠᠳᠬᠠᠵᠤ᠂ ᠨᠡᠢᠲᠡᠯᠢᠭ ᠲᠤᠷᠰᠢᠯᠭ᠎ᠠ᠎ᠶᠢ ᠳᠡᠯᠭᠡᠷᠡᠭᠦᠯᠬᠦ ᠬᠡᠷᠡᠭᠲᠡᠢ᠃ ᠬᠥᠳᠡᠭᠡ ᠠᠵᠤ ᠠᠬᠤᠢ ᠵᠢᠨ ᠬᠠᠮᠢᠶ᠎ᠠ ᠪᠦᠬᠦᠢ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠵᠤ᠂ ᠬᠥᠳᠡᠭᠡ ᠠᠵᠤ ᠠᠬᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠤ᠂ ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠬᠥᠳᠡᠭᠡ ᠠᠵᠤ ᠠᠬᠤᠢ᠎ᠶᠢᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号