ᠦᠪᠦᠷ ᠮᠤᠩᠭᠤᠯ ᠎ᠤᠨ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ᠎ᠵᠢᠨ ᠰᠠᠯᠠᠭ᠎ᠠ ᠮᠦᠴᠢᠷ 1 ᠡᠮ ᠤ᠋ᠨ ᠵᠦᠢᠯᠡᠰ ᠪᠤᠷᠤᠯᠠᠭᠤᠯᠬᠤ ᠠᠵᠤ ᠠᠬᠤᠢᠯᠠᠯ ᠲᠠᠢ ᠪᠤᠯᠵᠤᠨ ᠶᠠᠷᠢᠯᠴᠠᠪᠠ
2026-08-20 10:28:33
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠭᠤᠷᠪᠠᠳᠤᠭᠠᠷ ᠬᠤᠪᠢᠶᠠᠷᠢ ᠪᠠᠢᠴᠠᠭᠠᠬᠤ ᠲᠤᠪᠴᠢᠶ᠎ᠠ ᠤᠢᠷ᠎ᠠ ᠳ᠋ᠤ ᠬᠦᠯᠦᠨ ᠪᠤᠢᠷ ᠬᠤᠳᠠ᠂ ᠶᠠᠭᠰᠢ ᠬᠤᠳᠠ ᠪᠠ ᠭᠡᠭᠡᠨ ᠭᠤᠤᠯ ᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠲᠠᠢ ᠬᠠᠮᠳᠤᠷᠠᠨ ᠪᠤᠯᠵᠤᠨ ᠶᠠᠷᠢᠯᠴᠠᠬᠤ ᠲᠤᠭᠤᠢᠯᠠᠩ ᠢ᠋ ᠵᠤᠬᠢᠶᠠᠨ ᠪᠠᠢᠭᠤᠯᠵᠤ᠂ ᠬᠦᠯᠦᠨ ᠪᠤᠢᠷ ᠬᠤᠳᠠ ᠶ᠋ᠢᠨ 1 ᠡᠮ ᠤ᠋ᠨ ᠵᠦᠢᠯᠡᠰ ᠪᠤᠷᠤᠯᠠᠭᠤᠯᠬᠤ ᠺᠤᠮᠫᠠᠨᠢ ᠵᠢᠴᠢ ᠲᠡᠭᠦᠨ ᠤ᠋ 24 ᠬᠡᠯᠬᠢᠶᠡᠳᠦ ᠡᠵᠡᠩᠨᠡᠯᠳᠡ ᠶ᠋ᠢᠨ ᠳᠡᠯᠭᠡᠭᠦᠷ ᠤ᠋ᠨ ᠬᠢᠨ ᠲᠠᠢ ᠪᠤᠯᠵᠤᠨ ᠶᠠᠷᠢᠯᠴᠠᠪᠠ᠃

ᠪᠤᠯᠵᠤᠨ ᠶᠠᠷᠢᠯᠴᠠᠬᠤ ᠬᠤᠷᠠᠯ ᠳ᠋ᠤ᠂ ᠠᠵᠢᠯᠯᠠᠬᠤ ᠲᠤᠭᠤᠢᠯᠠᠩ ᠤ᠋ᠨ ᠬᠢᠨ ᠡᠳᠦᠷ ᠲᠤᠳᠤᠮ ᠤ᠋ᠨ ᠬᠢᠨᠠᠯᠳᠠ ᠪᠠᠢᠴᠠᠭᠠᠯᠳᠠ ᠵᠢᠴᠢ ᠦᠩᠭᠡᠷᠡᠭᠰᠡᠨ ᠤ᠋ ᠵᠠᠰᠠᠭ ᠵᠠᠬᠢᠷᠭᠠᠨ ᠤ᠋ ᠰᠢᠢᠳᠭᠡᠯ ᠤ᠋ᠨ ᠬᠡᠷᠡᠭ ᠲᠠᠢ ᠤᠶᠠᠯᠳᠤᠭᠤᠯᠤᠨ᠂ ᠲᠤᠰ ᠠᠵᠤ ᠠᠬᠤᠢᠯᠠᠯ ᠳ᠋ᠤ ᠤᠷᠳᠤ ᠬᠤᠭᠤᠴᠠᠭ᠎ᠠ ᠪᠡᠷ ᠤᠷᠤᠰᠢᠭᠰᠠᠭᠠᠷ ᠢᠷᠡᠭᠰᠡᠨ ᠶᠠᠰᠤ ᠴᠢᠨᠠᠷ ᠤ᠋ᠨ ᠠᠮᠦᠷ ᠲᠦᠪᠰᠢᠨ ᠤ᠋ ᠭᠡᠮ ᠰᠤᠭᠤᠭ ᠢ᠋ ᠲᠦᠪᠯᠡᠷᠡᠭᠦᠯᠦᠨ ᠵᠢᠭᠠᠵᠤ ᠭᠠᠷᠭᠠᠪᠠ᠃ ᠬᠢᠨᠠᠯᠳᠠ ᠬᠠᠮᠢᠶᠠᠷᠤᠯᠳᠠ ᠶ᠋ᠢᠨ ᠠᠵᠢᠯᠳᠠᠨ ᠡᠴᠡ ᠠᠰᠠᠭᠤᠳᠠᠯ ᠤ᠋ᠨ ᠦᠨᠳᠦᠰᠦ ᠰᠢᠯᠳᠠᠭᠠᠨ ᠢ᠋ ᠭᠦᠨᠵᠡᠭᠡᠢ ᠵᠠᠳᠠᠯᠤᠭᠰᠠᠨ ᠰᠠᠭᠤᠷᠢᠨ ᠲᠠᠬᠡᠷ᠎ᠠ ᠠᠵᠤ ᠠᠬᠤᠢᠯᠠᠯ ᠤ᠋ᠨ ᠭᠤᠤᠯ ᠴᠤᠭᠴᠠ ᠶ᠋ᠢᠨ ᠬᠠᠷᠢᠭᠤᠴᠠᠯᠭ᠎ᠠ ᠪᠡᠨ ᠭᠦᠢᠴᠡᠳᠭᠡᠬᠦ᠂ ᠳᠤᠭᠳᠠᠭᠠᠯ ᠳ᠋ᠤ ᠨᠡᠢᠴᠡᠭᠦᠯᠬᠦ ᠪᠤᠯᠪᠠᠰᠤᠷᠠᠯ ᠢ᠋ ᠪᠠᠢᠩᠭᠤ ᠶ᠋ᠢᠨ ᠴᠢᠨᠠᠷᠳᠠᠢ ᠦᠷᠨᠢᠭᠦᠯᠬᠦ᠂ ᠵᠠᠩᠬᠢᠯᠠᠭ᠎ᠠ ᠶ᠋ᠢᠨ ᠠᠵᠢᠯ ᠤ᠋ᠨ ᠪᠠᠢᠷᠢ ᠶ᠋ᠢᠨ ᠠᠵᠢᠯᠴᠢᠨ ᠤ᠋ ᠡᠭᠦᠷᠭᠡ ᠬᠠᠷᠢᠭᠤᠴᠠᠯᠭ᠎ᠠ ᠪᠡᠨ ᠭᠦᠢᠴᠡᠳᠭᠡᠬᠦ ᠴᠢᠳᠠᠪᠤᠷᠢ᠂ ᠬᠡᠯᠬᠢᠶᠡᠳᠦ ᠡᠵᠡᠩᠨᠡᠯᠳᠡ ᠶ᠋ᠢᠨ ᠳᠡᠯᠭᠡᠭᠦᠷ ᠤ᠋ᠨ ᠨᠢᠭᠡ ᠴᠤᠭᠴᠠᠵᠢᠭᠤᠯᠤᠭᠰᠠᠨ ᠬᠠᠮᠢᠶᠠᠷᠤᠯᠳᠠ ᠵᠡᠷᠭᠡ ᠲᠠᠯ᠎ᠠ ᠪᠡᠷ ᠪᠦᠬᠦ ᠲᠠᠯ᠎ᠠ ᠶ᠋ᠢᠨ ᠵᠢᠭᠰᠠᠭᠠᠨ ᠪᠠᠢᠴᠠᠭᠠᠯᠳᠠ ᠬᠢᠵᠦ᠂ ᠭᠡᠮ ᠰᠤᠭᠤᠭ ᠶ᠋ᠢᠡᠨ ᠨᠠᠷᠢᠨ ᠤᠢᠯᠠᠭᠠᠨ ᠮᠡᠳᠡᠬᠦ ᠬᠡᠷᠡᠭᠳᠠᠢ ᠭᠡᠵᠦ ᠱᠠᠭᠠᠷᠳᠠᠵᠠᠢ᠃

ᠠᠵᠤ ᠠᠬᠤᠢᠯᠠᠯ ᠤ᠋ᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠡᠴᠡ ᠲᠤᠳᠤᠭᠠᠳᠤ ᠶ᠋ᠢᠨ ᠬᠠᠮᠢᠶᠠᠷᠤᠯᠳᠠ ᠶ᠋ᠢᠨ ᠳᠤᠳᠠᠭᠤᠳᠠᠯ ᠶ᠋ᠢᠡᠨ ᠭᠦᠨᠵᠡᠭᠡᠢ ᠮᠡᠳᠡᠷᠡᠵᠦ᠂ ᠪᠦᠬᠦ ᠠᠵᠢᠯᠴᠢᠨ ᠶ᠋ᠢᠡᠨ ᠵᠤᠬᠢᠶᠠᠨ ᠪᠠᠢᠭᠤᠯᠤᠨ ᠪᠦᠬᠦ ᠶᠠᠪᠤᠴᠠ ᠶ᠋ᠢᠨ ᠦᠪᠡᠰᠦᠪᠡᠨ ᠪᠠᠢᠴᠠᠭᠠᠵᠤ ᠦᠪᠡᠰᠦᠪᠡᠨ ᠴᠡᠭᠴᠡᠯᠡᠨ ᠰᠠᠢᠵᠢᠷᠠᠭᠤᠯᠬᠤ ᠠᠵᠢᠯᠯᠠᠭ᠎ᠠ ᠦᠷᠨᠢᠭᠦᠯᠵᠤ᠂ ᠬᠠᠮᠢᠶ᠎ᠠ ᠪᠦᠬᠦᠢ ᠠᠰᠠᠭᠤᠳᠠᠯ ᠳᠠᠬᠢᠨᠳᠠ ᠡᠭᠦᠰᠬᠦ ᠶ᠋ᠢ ᠡᠷᠡᠰ ᠰᠡᠷᠭᠡᠢᠯᠡᠨ᠎ᠠ ᠭᠡᠵᠦ ᠢᠯᠡᠳᠭᠡᠪᠡ᠃ ᠠᠵᠢᠯᠯᠠᠬᠤ ᠲᠤᠭᠤᠢᠯᠠᠩ ᠤ᠋ᠨ ᠬᠢᠨ ᠴᠡᠭᠴᠡᠯᠡᠨ ᠰᠠᠢᠵᠢᠷᠠᠭᠤᠯᠬᠤ ᠪᠠᠷᠢᠮᠵᠢᠶ᠎ᠠ ᠪᠠ ᠴᠠᠭ ᠤ᠋ᠨ ᠬᠢᠵᠠᠭᠠᠷ ᠢ᠋ ᠲᠤᠳᠤᠷᠬᠠᠢᠯᠠᠵᠤ᠂ ᠠᠵᠤ ᠠᠬᠤᠢᠯᠠᠯ ᠤ᠋ᠨ ᠬᠠᠷᠢᠭᠤᠴᠠᠯᠭᠠᠳᠠᠨ ᠶᠠᠰᠤ ᠴᠢᠨᠠᠷ ᠤ᠋ᠨ ᠠᠮᠦᠷ ᠲᠦᠪᠰᠢᠨ ᠤ᠋ ᠨᠢᠭᠡᠳᠦᠭᠡᠷ ᠬᠠᠷᠢᠭᠤᠴᠠᠯᠭᠠᠳᠠᠨ ᠤ᠋ ᠲᠤᠰᠢᠶᠠᠯ ᠬᠠᠷᠢᠭᠤᠴᠠᠯᠭ᠎ᠠ ᠪᠡᠨ ᠦᠨᠡᠨ ᠬᠦ᠌ ᠭᠦᠢᠴᠡᠳᠭᠡᠵᠦ᠂ 《ᠡᠵᠡᠩᠨᠡᠯᠳᠡ ᠶ᠋ᠢ ᠴᠢᠬᠤᠯᠠᠴᠢᠯᠠᠭᠠᠳ ᠬᠠᠮᠢᠶᠠᠷᠤᠯᠳᠠ ᠶ᠋ᠢ ᠬᠦᠩᠭᠡᠪᠴᠢᠯᠡᠬᠦ》 ᠬᠠᠨᠳᠤᠰᠢ ᠪᠡᠨ ᠵᠠᠯᠠᠷᠠᠭᠤᠯᠤᠨ᠂ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠰᠢᠰᠲ᠋ᠧᠮ ᠶ᠋ᠢᠡᠨ ᠪᠦᠬᠦ ᠲᠠᠯ᠎ᠠ ᠪᠡᠷ ᠲᠡᠭᠦᠯᠳᠡᠷᠵᠢᠭᠦᠯᠵᠦ᠂ ᠳᠤᠭᠳᠠᠭᠠᠯ ᠳ᠋ᠤ ᠨᠡᠢᠴᠡᠭᠦᠯᠬᠦ ᠬᠠᠮᠢᠶᠠᠷᠤᠯᠳᠠ ᠶ᠋ᠢᠨ ᠴᠢᠳᠠᠪᠤᠷᠢ ᠪᠡᠨ ᠰᠢᠰᠲᠧᠮ ᠲᠠᠢ ᠳᠡᠭᠡᠭᠰᠢᠯᠡᠭᠦᠯᠬᠦ ᠶ᠋ᠢ ᠱᠠᠭᠠᠷᠳᠠᠵᠠᠢ᠃

ᠤᠢᠯᠠᠭᠠᠭᠰᠠᠨ ᠵᠢᠡᠷ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠬᠢᠨ ᠲᠤᠰ ᠠᠵᠤ ᠠᠬᠤᠢᠯᠠᠯ ᠢ᠋ ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠳᠡᠭᠡᠳ ᠪᠤᠯᠭᠠᠵᠤ᠂ ᠳᠠᠷᠠᠭᠠᠴᠢ ᠶ᠋ᠢᠨ ᠡᠳᠦᠷ ᠲᠤᠳᠤᠮ ᠤ᠋ᠨ ᠪᠠᠢᠴᠠᠭᠠᠯᠳᠠ ᠬᠢᠭᠡᠳ ᠭᠡᠨᠡᠳᠳᠡ ᠶ᠋ᠢᠨ ᠪᠠᠢᠴᠠᠭᠠᠯᠳᠠ ᠬᠢᠬᠦ ᠳᠠᠪᠳᠠᠮᠵᠢ ᠪᠡᠨ ᠤᠯᠠᠮ ᠨᠢᠭᠡ ᠠᠯᠬᠤᠮ ᠨᠡᠮᠡᠭᠳᠡᠭᠦᠯᠤᠨ᠂ ᠬᠤᠳᠠᠯ ᠬᠠᠭᠤᠷᠮᠠᠭ ᠶ᠋ᠢᠡᠷ ᠴᠡᠭᠴᠡᠯᠡᠨ ᠵᠠᠰᠠᠬᠤ ᠪᠠᠢᠳᠠᠯ ᠢ᠋ ᠢᠯᠡᠷᠡᠭᠦᠯᠪᠡᠯ ᠬᠠᠤᠯᠢ ᠶᠤᠰᠤᠭᠠᠷ ᠴᠢᠩᠭ᠎ᠠ ᠰᠢᠢᠳᠭᠡᠯ ᠤᠯᠭᠤᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号