ᠳᠤᠮᠳᠠᠳᠤ ᠤᠯᠤᠰ (ᠪᠦᠬᠦ ᠪᠦᠮᠪᠦᠷᠴᠡᠭ) ᠤ᠋ᠨ ᠰᠦ ᠶ᠋ᠢᠨ ᠦᠢᠯᠡᠰ ᠤ᠋ᠨ ᠳ᠋ᠠᠢᠲ᠋ᠠ ᠶ᠋ᠢᠨ ᠭᠦᠢᠰᠦ ᠲᠦᠪ ᠢ᠋ ᠪᠠᠢᠭᠤᠯᠵᠤ ᠡᠬᠢᠯᠡᠵᠡᠢ
2026-08-20 10:37:31
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

2026 ᠤᠨ ᠤ᠋ ᠳᠡᠯᠡᠬᠡᠢ ᠶ᠋ᠢᠨ ᠰᠦ ᠶ᠋ᠢᠨ ᠦᠢᠯᠡᠰ ᠤ᠋ᠨ ᠶᠡᠬᠡ ᠬᠤᠷᠠᠯ ᠤ᠋ᠨ ᠡᠬᠢᠯᠡᠯᠲᠡ ᠶ᠋ᠢᠨ ᠶᠤᠰᠤᠯᠠᠯ ᠳᠡᠭᠡᠷ᠎ᠡ᠂ ᠢᠯᠢ  ᠪᠦᠯᠦᠭᠯᠡᠯ ᠡᠴᠡ ᠲᠦᠷᠦᠬᠦᠯᠡᠨ ᠬᠦᠢᠴᠡᠳᠬᠡᠬᠦ ᠳᠤᠮᠳᠠᠳᠤ ᠤᠯᠤᠰ (ᠪᠦᠬᠦ ᠪᠦᠮᠪᠦᠷᠴᠡᠭ) ᠤ᠋ᠨ ᠰᠦ ᠶ᠋ᠢᠨ ᠦᠢᠯᠡᠰ ᠤ᠋ᠨ ᠳ᠋ᠠᠢᠲ᠋ᠠ ᠶ᠋ᠢᠨ ᠭᠦᠢᠰᠦ ᠲᠦᠪ ᠤ᠋ᠨ ᠪᠦᠲᠦᠭᠡᠨ ᠪᠠᠢᠭᠤᠯᠤᠯᠲᠠ ᠵᠢ ᠡᠬᠢᠯᠡᠭᠦᠯᠪᠡ᠃

ᠳᠤᠮᠳᠠᠳᠤ ᠤᠯᠤᠰ (ᠪᠦᠬᠦ ᠪᠦᠮᠪᠦᠷᠴᠡᠭ) ᠤ᠋ᠨ ᠰᠦ ᠶ᠋ᠢᠨ ᠦᠢᠯᠡᠰ ᠤ᠋ᠨ ᠳ᠋ᠠᠢᠲ᠋ᠠ ᠶ᠋ᠢᠨ ᠭᠦᠢᠰᠦ ᠲᠦᠪ ᠪᠤᠯ ᠢᠯᠢ ᠪᠦᠯᠦᠭᠯᠡᠯ ᠤ᠋ᠨ ᠪᠦᠬᠦ ᠪᠦᠮᠪᠦᠷᠴᠡᠭ ᠤ᠋ᠨ ᠴᠠᠭᠠᠨ ᠢᠳᠡᠭᠡᠨ ᠤ᠋ ᠦᠢᠯᠡᠰ ᠤ᠋ᠨ ᠦᠢᠯᠡᠳᠦᠯᠭᠡ ᠳ᠋ᠦ ᠰᠠᠭᠤᠷᠢᠯᠠᠵᠤ᠂ ᠤᠯᠠᠨ ᠤᠯᠤᠰ ᠤ᠋ᠨ ᠤᠷᠤᠢᠯᠠᠭᠰᠠᠨ ᠮᠡᠷᠭᠡᠵᠢᠯ ᠤ᠋ᠨ ᠡᠬᠢ ᠪᠠᠶᠠᠯᠢᠭ ᠪᠤᠯᠤᠨ ᠦᠪᠡᠷᠲᠡᠭᠡᠨ ᠵᠠᠰᠠᠬᠤ ᠤᠷᠤᠨ ᠤ᠋ ᠠᠵᠤ ᠦᠢᠯᠡᠰ ᠤ᠋ᠨ ᠳᠠᠪᠠᠭᠤᠯᠢᠭ ᠲᠠᠢ ᠤᠶᠠᠯᠳᠤᠭᠤᠯᠤᠨ ᠬᠠᠮᠲᠤ ᠪᠡᠷ ᠴᠤᠭᠴᠠᠯᠠᠬᠤ ᠠᠵᠢᠯ ᠲᠦᠷᠦᠯ ᠤ᠋ᠨ ᠳᠡᠰ ᠤ᠋ᠨ ᠳ᠋ᠠᠢᠲ᠋ᠠ ᠶ᠋ᠢᠨ ᠤᠶᠤᠨᠴᠢ ᠭᠦᠢᠰᠦ ᠪᠤᠯᠤᠨ᠎ᠠ᠃ ᠳ᠋ᠠᠢᠲ᠋ᠠ ᠶ᠋ᠢᠨ ᠬᠦᠢᠰᠤ ᠲᠦᠪ ᠲᠦ᠍ ᠪᠦᠬᠦ ᠪᠦᠮᠪᠦᠷᠴᠡᠭ ᠤ᠋ᠨ ᠴᠠᠭᠠᠨ ᠢᠳᠡᠭᠡᠨ ᠤ᠋ ᠦᠢᠯᠡᠰ ᠤ᠋ᠨ ᠴᠢᠨᠠᠷ ᠰᠠᠢᠲᠠᠢ ᠳ᠋ᠠᠢᠲ᠋ᠠ ᠶ᠋ᠢᠨ ᠦᠢᠯᠡᠳᠪᠦᠷᠢ ᠵᠢ ᠪᠠᠢᠭᠤᠯᠬᠤ ᠪᠡᠷ ᠳᠠᠮᠵᠢᠨ ᠴᠠᠭᠠᠨ ᠢᠳᠡᠭᠡᠨ ᠤ᠋ ᠦᠢᠯᠡᠰ ᠤ᠋ᠨ ᠪᠦᠬᠦ ᠬᠡᠯᠬᠢᠶ᠎ᠡ ᠶ᠋ᠢᠨ ᠳ᠋ᠠᠢᠲ᠋ᠠ ᠶ᠋ᠢᠨ ᠪᠡᠬᠢᠯᠡᠯᠲᠡ ᠵᠢ ᠨᠡᠪᠲᠡᠷᠡᠭᠦᠯᠵᠦ᠂ ᠪᠠᠷᠢᠮᠵᠢᠶᠠᠵᠢᠭᠰᠠᠨ ᠵᠠᠰᠠᠯᠲᠠ ᠪᠠ ᠤᠶᠤᠨᠳᠤ ᠵᠠᠭᠪᠤᠷ ᠶ᠋ᠢᠡᠷ ᠳᠠᠮᠵᠢᠨ ᠠᠵᠢᠯ ᠲᠦᠷᠦᠯ ᠤ᠋ᠨ ᠳ᠋ᠠᠢᠲ᠋ᠠ ᠶ᠋ᠢᠨ ᠦᠢᠯᠡᠴᠢᠯᠡᠭᠡ ᠵᠢ ᠨᠡᠪᠴᠢᠭᠦᠯᠵᠦ᠂ ᠳ᠋ᠠᠢᠲ᠋ᠠ ᠶ᠋ᠢᠨ ᠡᠳ᠋ ᠬᠦᠷᠦᠡᠭᠭᠡ ᠵᠢ ᠪᠡᠯᠡᠨ ᠵᠤᠭᠤᠰ ᠪᠤᠯᠭᠠᠨ ᠬᠤᠪᠢᠷᠠᠭᠤᠯᠬᠤ ᠬᠢᠭᠡᠳ ᠠᠵᠤ ᠦᠢᠯᠡᠰ ᠶ᠋ᠢᠡᠷ ᠬᠦᠴᠦᠨ ᠤᠯᠭᠤᠬᠤ ᠵᠢ ᠲᠦᠷᠭᠡᠳᠭᠡᠨ᠎ᠠ᠃ ᠪᠠᠰᠠ 《ᠳ᠋ᠠᠢᠲ᠋ᠠ +  ᠲᠠᠪᠴᠠᠩ + ᠪᠠᠷᠢᠮᠵᠢᠶ᠎ᠠ +  ᠴᠢᠳᠠᠪᠤᠷᠢᠲᠠᠨ》 ᠤ᠋ ᠳᠥᠷᠪᠡ ᠵᠢ ᠨᠢᠭᠡ ᠴᠣᠭᠴᠠᠵᠢᠭᠤᠯᠤᠭᠰᠠᠨ ᠦᠷᠭᠦᠯᠵᠢᠯᠡᠬᠦ᠌ ᠬᠥᠭᠵᠢᠯᠲᠡ ᠶ᠋ᠢᠨ ᠵᠠᠭᠪᠤᠷ ᠢ᠋ ᠪᠠᠶ᠋ᠢᠭᠤᠯᠵᠤ᠂ ᠳᠤᠮᠳᠠᠳᠤ ᠤᠯᠤᠰ᠎ᠤᠨ ᠴᠠᠭᠠᠨ ᠢᠳᠡᠭᠡᠨ ᠤ᠋ ᠦᠢᠯᠡᠰ ᠤ᠋ᠨ ᠴᠢᠨᠠᠷ ᠰᠠᠶ᠋ᠢᠲᠠᠶ ᠬᠥᠭᠵᠢᠯᠲᠡ ᠪᠣᠯᠤᠨ ᠪᠥᠬᠥ᠌ ᠪᠥᠮᠪᠥᠷᠴᠡᠭ᠎ᠦᠨ ᠥᠷᠢᠰᠥᠯᠳᠦᠬᠦ᠌ ᠬᠦᠴᠦᠨ ᠤ᠋ ᠳᠡᠭᠡᠭᠰᠢᠯᠡᠯᠲᠡ ᠵᠢ ᠪᠡᠶᠡᠯᠡᠭᠦᠯᠬᠦ᠌ ᠳ᠋ᠤ ᠬᠦᠴᠦᠨ ᠨᠡᠮᠡᠷᠢᠯᠡᠬᠦ ᠪᠤᠯᠤᠨ᠎ᠠ᠃

ᠳᠤᠮᠳᠠᠳᠤ ᠤᠯᠤᠰ (ᠪᠦᠬᠦ ᠪᠦᠮᠪᠦᠷᠴᠡᠭ) ᠤ᠋ᠨ ᠰᠦ ᠶ᠋ᠢᠨ ᠦᠢᠯᠡᠰ ᠤ᠋ᠨ ᠳ᠋ᠠᠢᠲ᠋ᠠ ᠶ᠋ᠢᠨ ᠭᠦᠢᠰᠦ ᠲᠦᠪ ᠲᠦ᠍ 《ᠳ᠋ᠠᠢᠲ᠋ᠠ ᠶ᠋ᠢᠨ ᠦᠢᠯᠡᠳᠪᠦᠷᠢ》 ᠶ᠋ᠢᠨ ᠵᠠᠭᠪᠤᠷ ᠶ᠋ᠢᠡᠷ ᠳᠠᠮᠵᠢᠨ ᠳ᠋ᠠᠢᠲ᠋ᠠ ᠵᠢ ᠴᠤᠭᠯᠠᠭᠤᠯᠬᠤ᠂ ᠨᠡᠢᠯᠡᠭᠦᠯᠬᠦ᠂ ᠰᠢᠢᠳᠪᠦᠷᠢᠯᠡᠬᠦ᠂ ᠲᠤᠳᠤᠷᠬᠠᠢᠯᠠᠬᠤ᠂ ᠶᠠᠰᠤ ᠴᠢᠨᠠᠷ ᠢ᠋ ᠦᠨᠡᠯᠡᠨ ᠵᠢᠱ᠌ᠢᠬᠦ ᠪᠠ ᠡᠵᠡᠡᠭᠨᠡᠬᠦ ᠵᠡᠷᠬᠡ 6 ᠶᠠᠬᠡ ᠬᠡᠰᠡᠭ ᠢ᠋ ᠬᠠᠮᠤᠷᠤᠭᠰᠠᠨ ᠪᠤᠯᠪᠠᠰᠤᠷᠠᠭᠤᠯᠵᠤ ᠦᠢᠯᠡᠳᠪᠦᠷᠢᠯᠡᠬᠦ ᠵᠢ ᠨᠢᠭᠡ ᠴᠤᠭᠴᠠᠵᠢᠭᠤᠯᠤᠭᠰᠠᠨ ᠲᠠᠪᠴᠠᠡᠭ ᠢ᠋ ᠪᠠᠢᠭᠤᠯᠤᠨ᠎ᠠ᠃ ᠡᠭᠦᠨ ᠳ᠋ᠦ 22 ᠤᠷᠢᠳᠠᠴᠢ ᠮᠡᠷᠭᠡᠵᠢᠯ ᠤ᠋ᠨ ᠪᠠᠭᠠᠵᠢ ᠶ᠋ᠢᠨ ᠬᠡᠯᠬᠢᠶ᠎ᠡ ᠵᠢ ᠢᠵᠢ ᠪᠦᠷᠢᠳᠦᠭᠦᠯᠦᠨ᠂ ᠤᠷᠢᠳᠴᠢᠯᠠᠨ ᠪᠤᠯᠪᠠᠰᠤᠷᠠᠯ ᠬᠦᠷᠲᠡᠭᠡᠬᠦ ᠳ᠋ᠠᠢᠲ᠋ᠠ ᠶ᠋ᠢᠨ ᠴᠤᠭᠯᠠᠷᠠᠯ᠂ ᠵᠠᠷᠯᠢᠭ ᠶ᠋ᠢᠡᠷ ᠵᠢᠵᠢᠭ ᠲᠤᠬᠢᠷᠠᠭᠤᠯᠤᠯᠲᠠ ᠬᠢᠬᠦ ᠳ᠋ᠠᠢᠲ᠋ᠠ ᠶ᠋ᠢᠨ ᠴᠤᠭᠯᠠᠷᠠᠯ᠂ ᠰᠤᠷᠤᠯᠴᠠᠬᠤ ᠳᠤᠷᠠᠰᠢᠯ ᠢ᠋ ᠴᠢᠡᠭᠭᠠᠳᠬᠠᠬᠤ ᠳ᠋ᠠᠢᠲ᠋ᠠ ᠶ᠋ᠢᠨ ᠴᠤᠭᠯᠠᠷᠠᠯ ᠪᠤᠯᠤᠨ ᠰᠠᠭᠤᠷᠢ ᠪᠠᠷᠢᠮᠵᠢᠢ᠎ᠠ ᠵᠢ ᠬᠡᠮᠵᠢᠨ ᠰᠢᠯᠭᠠᠬᠤ ᠳ᠋ᠠᠢᠲ᠋ᠠ ᠶ᠋ᠢᠨ ᠴᠤᠭᠯᠠᠷᠠᠯ ᠵᠡᠷᠭᠡ 4 ᠲᠦᠷᠦᠯ ᠤ᠋ᠨ ᠪᠠᠷᠢᠮᠵᠢᠶᠠᠵᠢᠭᠰᠠᠨ ᠳ᠋ᠠᠢᠲ᠋ᠠ ᠶ᠋ᠢᠨ ᠴᠤᠭᠯᠠᠷᠠᠯ ᠤ᠋ᠨ ᠰᠢᠰᠲᠸᠮ ᠢ᠋ ᠪᠠᠢᠭᠤᠯᠤᠨ᠎ᠠ᠃ ᠪᠠᠰᠠ ᠳ᠋ᠠᠢᠲ᠋ᠠ ᠵᠢᠨ ᠲᠣᠳᠣᠷᠬᠠᠶ᠋ᠢᠯᠠᠯᠲᠠ ᠵᠢᠨ ᠲᠤᠰᠬᠠᠶ ᠮᠡᠷᠭᠡᠵᠢᠯᠲᠡᠨ ᠤ᠋ ᠬᠥᠮᠥᠷᠭᠡ᠎ᠶᠢ ᠵᠣᠬᠢᠶᠠᠨ ᠪᠠᠶ᠋ᠢᠭᠤᠯᠵᠤ᠂ 17 ᠲᠤᠬᠠᠶ᠋ᠢᠯᠠᠭᠰᠠᠨ ᠠᠵᠢᠯ ᠲᠦᠷᠦᠯ ᠤ᠋ᠨ ᠠᠬᠤᠶ ᠪᠠᠶ᠋ᠢᠳᠠᠯ᠎ᠢ ᠬᠠᠮᠤᠷᠤᠨ᠂ ᠤᠯᠤᠰ ᠤ᠋ᠨ ᠳ᠋ᠠᠢᠲ᠋ᠠ ᠵᠢᠨ ᠰᠠᠭᠤᠷᠢ ᠲᠦᠬᠦᠭᠡᠷᠦᠮᠵᠢ ᠳ᠋ᠦ ᠵᠠᠯᠭᠠᠨ ᠣᠷᠣᠭᠤᠯᠵᠤ᠂ ᠢᠷᠡᠭᠡᠳᠦᠶ ᠳ᠋ᠤ ᠠᠵᠢᠯ ᠲᠥᠷᠥᠯ ᠤ᠋ᠨ ᠳ᠋ᠠᠢᠲ᠋ᠠ ᠵᠢ ᠬᠠᠨᠳᠤᠯᠭ᠎ᠠ ᠲᠠᠶ ᠪᠠᠷ ᠨᠡᠭᠡᠭᠡᠬᠦ᠌ ᠪᠠ ᠲᠣᠭᠲᠠᠭᠠᠯ ᠳ᠋ᠤ ᠨᠡᠶ᠋ᠢᠴᠡᠭᠦᠯᠦᠨ ᠭᠦᠢᠯᠭᠡᠭᠡᠬᠦ᠎ᠶᠢ ᠪᠡᠶᠡᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号