ᠣᠯᠠᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠲᠠᠷᠢᠶᠠᠯᠠᠩ᠎ᠤᠨ ᠤᠰᠤᠯᠠᠯᠲᠠ᠎ᠶᠢᠨ ᠤᠰᠤ ᠬᠡᠷᠡᠭᠯᠡᠬᠦ᠌ ᠠᠮᠤᠷ ᠲᠦᠪᠰᠢᠨ᠎ᠢ ᠴᠢᠨᠠᠬᠰᠢᠳᠠ ᠪᠠᠲᠤᠯᠠᠵᠤ ᠪᠤᠢ
2026-08-20 11:26:38
ᠵᠣᠬᠢᠶᠠᠭ᠍ᠴᠢ᠄
ᠭᠤᠤ ᠵᠢᠩ
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠵᠢᠨ ᠡᠳᠤᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠪᠣᠯᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ ᠵᠡᠷᠭᠡ ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠠᠵᠤ ᠦᠢᠯᠡᠳᠪᠦᠷᠢ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠵᠡᠷᠭᠡ ᠠᠵᠤ ᠠᠬᠤᠶ᠋ᠢᠯᠠᠯ᠎ᠤᠨ ᠪᠣᠬᠢᠷ ᠤᠰᠤᠨ᠎ᠤ ᠪᠣᠬᠢᠷᠲᠤᠯ᠎ᠤᠨ ᠲᠦᠭᠰᠢᠭᠦᠷᠢ᠎ᠶᠢ ᠰᠡᠷᠭᠡᠶ᠋ᠢᠯᠡᠬᠦ᠌᠎ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ᠎ᠤᠨ ᠤᠰᠤᠯᠠᠯᠲᠠ᠎ᠶᠢᠨ ᠤᠰᠤ ᠬᠡᠷᠡᠭᠯᠡᠬᠦ᠌ ᠠᠮᠤᠷ ᠲᠦᠪᠰᠢᠨ᠎ᠢ ᠪᠠᠲᠤᠯᠠᠪᠠ᠃

ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠵᠤᠷᠭᠠᠨ᠎ᠤ ᠬᠣᠯᠪᠣᠭᠳᠠᠯ ᠪᠥᠬᠥᠶ ᠬᠠᠷᠢᠭᠤᠴᠠᠯᠭᠠᠲᠠᠨ 17᠎ᠤ᠋ ᠡᠳᠦᠷ᠂ ᠣᠶ᠋ᠢᠷ᠎ᠠ᠎ᠶᠢᠨ ᠵᠢᠯ᠎ᠳ᠋ᠤ᠂ ᠵᠠᠷᠢᠮ ᠠᠵᠤ ᠦᠢᠯᠡᠳᠪᠦᠷᠢ᠎ᠶᠢᠨ ᠠᠵᠤ ᠠᠬᠤᠶ᠋ᠢᠯᠠᠯ ᠵᠢᠴᠢ ᠬᠦᠷᠢᠶᠡᠯᠡᠩ ᠲᠣᠭᠣᠷᠢᠭ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠲᠠᠯᠠᠪᠠᠶ ᠵᠡᠷᠭᠡ᠎ᠨᠢ ᠲᠠᠷᠢᠶᠠᠨ ᠭᠠᠵᠠᠷ᠎ᠲᠠᠶ ᠬᠥᠷᠰᠢᠯᠡᠵᠦ᠍᠂ ᠪᠣᠬᠢᠷ ᠤᠰᠤ ᠪᠠᠨ ᠭᠠᠳᠠᠭᠰᠢᠯᠠᠭᠤᠯᠬᠤ᠎ᠶᠢ ᠬᠠᠮᠢᠶᠠᠷᠤᠨ ᠡᠵᠡᠮᠳᠡᠬᠦ᠌ ᠲᠠᠯ᠎ᠠ᠎ᠪᠠᠷ ᠬᠦᠷᠦᠯᠴᠡᠬᠦ᠌ ᠥᠬᠡᠶ ᠪᠠᠶ᠋ᠢᠵᠤ᠂ ᠲᠠᠷᠢᠶᠠᠯᠠᠩ᠎ᠤᠨ ᠤᠰᠤᠯᠠᠯᠲᠠ᠎ᠶᠢᠨ ᠤᠰᠤ ᠬᠡᠷᠡᠭᠯᠡᠬᠦ᠌ ᠠᠮᠤᠷ ᠲᠦᠪᠰᠢᠨ᠎ᠦ ᠭᠡᠮ ᠰᠤᠭᠤᠭ ᠢ᠋ ᠪᠤᠢ ᠪᠤᠯᠭᠠᠬᠰᠠᠨ ᠶᠠᠪᠤᠳᠠᠯ᠎ᠢ ᠣᠮᠲᠣᠭᠠᠶ᠋ᠢᠯᠠᠵᠤ ᠪᠣᠯᠤᠰᠢ ᠥᠬᠡᠶ᠃ ᠲᠣᠰ ᠤᠳᠠᠭ᠎ᠠ ᠵᠢᠨ ᠳᠠᠷᠤᠮᠠᠯᠯᠠᠨ ᠲᠠᠷᠬᠠᠭᠠᠭᠰᠠᠨ ᠮᠡᠳᠡᠭᠳᠡᠯ᠎ᠨᠢ ᠲᠠᠷᠢᠶᠠᠯᠠᠩ᠎ᠤᠨ ᠤᠰᠤᠯᠠᠯᠲᠠ᠎ᠶᠢᠨ ᠤᠰᠤ ᠬᠡᠷᠡᠭᠯᠡᠬᠦ᠌ ᠠᠮᠤᠷ ᠲᠦᠪᠰᠢᠨ᠎ᠢ ᠪᠠᠲᠤᠯᠠᠬᠤ᠎ᠪᠠᠷ ᠭᠤᠤᠯ ᠪᠣᠯᠭᠠᠵᠤ᠂ ᠡᠬᠢ ᠡᠭᠦᠰᠦᠯ᠎ᠡᠴᠡ᠎ᠨᠢ ᠰᠡᠷᠭᠡᠶ᠋ᠢᠯᠡᠬᠦ᠌᠂ ᠶᠠᠪᠤᠴᠠ᠎ᠶᠢ ᠡᠵᠡᠮᠳᠡᠬᠦ᠌᠂ ᠲᠡᠭᠦᠰᠬᠡᠯ᠎ᠢ ᠬᠢᠨᠠᠨ ᠬᠠᠮᠢᠶᠠᠷᠬᠤ᠎ᠪᠠᠷ ᠭᠤᠤᠯ ᠰᠢᠵᠢᠮ ᠪᠣᠯᠭᠠᠵᠤ᠂ ᠰᠠᠯᠠᠭ᠎ᠠ ᠮᠥᠴᠢᠷ ᠠᠯᠤᠰᠯᠠᠭᠰᠠᠨ᠂ ᠪᠥᠬᠥ᠌ ᠦᠶᠡᠯᠡᠯ᠎ᠦᠨ ᠬᠤᠭᠤᠴᠠᠭᠠᠨ᠎ᠤ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌ ᠰᠢᠰᠲ᠋ᠧᠮ ᠢ᠋ ᠪᠠᠶ᠋ᠢᠭᠤᠯᠬᠤ᠎ᠶᠢ ᠠᠬᠢᠭᠤᠯᠤᠨ᠎ᠠ ᠭᠡᠵᠤ ᠲᠠᠨᠢᠯᠴᠠᠭᠤᠯᠪᠠ᠃

ᠮᠡᠳᠡᠭᠳᠡᠯ᠎ᠳᠦ ᠣᠷᠣᠨ ᠵᠠᠶ᠎ᠶᠢᠨ ᠪᠠᠶ᠋ᠢᠷᠢᠰᠢᠭᠤᠯᠤᠯᠲᠠ᠂ ᠪᠣᠬᠢᠷᠲᠤᠯ ᠪᠣᠳᠠᠰ ᠭᠠᠳᠠᠭᠰᠢᠯᠠᠭᠤᠯᠬᠤ᠎ᠶᠢ ᠬᠠᠮᠢᠶᠠᠷᠤᠨ ᠡᠵᠡᠮᠳᠡᠬᠦ᠌᠂ ᠤᠰᠤᠨ᠎ᠤ ᠴᠢᠨᠠᠷ᠎ᠢ ᠪᠠᠲᠤᠯᠠᠬᠤ᠂ ᠬᠢᠨᠠᠨ ᠬᠠᠮᠢᠶᠠᠷᠴᠤ᠌ ᠬᠠᠤᠯᠢ ᠬᠡᠷᠡᠭᠵᠢᠭᠦᠯᠬᠦ᠌ ᠵᠡᠷᠭᠡ ᠳᠥᠷᠪᠡᠨ ᠲᠠᠯ᠎ᠠ᠎ᠡᠴᠡ ᠬᠤᠯᠪᠤᠬᠳᠠᠯ ᠪᠥᠬᠥᠶ ᠠᠷᠭ᠎ᠠ ᠬᠡᠮᠵᠢᠶ᠎ᠡ᠎ᠶᠢ ᠲᠣᠳᠣᠷᠬᠠᠶ᠋ᠢᠯᠠᠪᠠ —

ᠮᠡᠳᠡᠭᠳᠡᠯ᠎ᠳᠦ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠶ᠎ᠶᠢ ᠲᠥᠯᠥᠪᠵᠢᠭᠦᠯᠵᠦ᠍ ᠬᠠᠮᠢᠶᠠᠷᠤᠨ ᠡᠵᠡᠮᠳᠡᠬᠦ᠌᠂ ᠠᠮᠢ ᠠᠬᠤᠶ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠂ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠦᠨ ᠣᠷᠴᠢᠨ ᠲᠣᠭᠣᠷᠢᠨ᠎ᠳᠤ ᠦᠵᠡᠭᠦᠯᠬᠦ᠌ ᠨᠥᠯᠥᠭᠡ᠎ᠶᠢ ᠦᠨᠡᠯᠡᠬᠦ᠌ ᠵᠡᠷᠭᠡ ᠭᠣᠭᠴᠣᠭ᠎ᠠ᠎ᠳᠤ᠂ ᠲᠠᠷᠢᠶᠠᠨ ᠭᠠᠵᠠᠷ᠎ᠤᠨ ᠡᠷᠬᠢᠨ ᠲᠣᠭᠣᠷᠢᠨ ᠵᠡᠷᠭᠡ ᠠᠶᠤᠯ ᠲᠦᠭᠰᠢᠭᠦᠷᠢ᠎ᠪᠡᠷ ᠨᠡᠯᠢᠶᠡᠳ ᠥᠨᠳᠥᠷ ᠭᠠᠵᠠᠷ ᠣᠷᠣᠨ ᠵᠢᠴᠢ ᠳᠠᠪᠤᠰᠤᠨ᠎ᠤ ᠪᠥᠬᠥ᠌ ᠬᠡᠮᠵᠢᠶ᠎ᠡ᠂ ᠬᠦᠨᠳᠦ ᠲᠡᠮᠦᠷᠯᠢᠭ᠂ ᠬᠤᠤᠷ ᠬᠥᠨᠥᠭᠡᠯ᠎ᠲᠡᠶ ᠪᠣᠬᠢᠷᠲᠤᠯ ᠪᠣᠳᠠᠰ ᠵᠡᠷᠭᠡ ᠣᠨᠴᠠᠯᠢᠭ ᠪᠥᠬᠥᠶ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠢ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠰᠢᠯᠵᠢᠯᠲᠡ᠎ᠡᠴᠡ ᠪᠣᠯᠤᠭᠰᠠᠨ ᠣᠷᠴᠢᠨ ᠲᠣᠭᠣᠷᠢᠨ᠎ᠤ ᠠᠶᠤᠯ ᠲᠦᠭᠰᠢᠭᠦᠷᠢ᠎ᠶᠢ ᠴᠢᠩᠭ᠎ᠠ ᠰᠡᠷᠭᠡᠶ᠋ᠢᠯᠡᠬᠦ ᠬᠡᠷᠡᠭᠳᠡᠢ ᠭᠡᠵᠤ ᠲᠤᠳᠤᠷᠬᠠᠢᠯᠠᠪᠠ᠃

ᠮᠡᠳᠡᠭᠳᠡᠯ᠎ᠳᠦ᠂ ᠲᠠᠷᠢᠶᠠᠨ ᠭᠠᠵᠠᠷ᠎ᠤᠨ ᠡᠷᠬᠢᠨ ᠲᠣᠭᠣᠷᠢᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ᠎ᠶᠢ ᠲᠥᠪᠯᠡᠷᠡᠭᠦᠯᠦᠨ ᠰᠢᠢᠳᠪᠦᠷᠢᠯᠡᠬᠦ᠌ ᠲᠤᠨᠤᠭ ᠲᠥᠬᠥᠭᠡᠷᠦᠮᠵᠢ᠎ᠶᠢ ᠲᠠᠰ ᠳᠡᠪᠰᠢᠭᠦᠯᠦᠨ ᠥᠭᠡᠷᠡᠴᠢᠯᠡᠬᠦ᠌᠎ᠶᠢ ᠠᠬᠢᠭᠤᠯᠵᠤ᠂ ᠠᠵᠤ ᠦᠢᠯᠡᠳᠪᠦᠷᠢ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌᠎ᠳᠦ ᠬᠣᠯᠪᠣᠭᠳᠠᠬᠤ ᠠᠰᠠᠭᠤᠳᠠᠯ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠠᠵᠤ ᠦᠢᠯᠡᠳᠪᠦᠷᠢ᠎ᠶᠢᠨ ᠠᠵᠤ ᠠᠬᠤᠶ᠋ᠢᠯᠠᠯ᠎ᠤᠨ ᠭᠠᠳᠠᠭᠰᠢᠯᠠᠭᠤᠯᠬᠤ ᠣᠨᠴᠠᠯᠢᠭ ᠪᠥᠬᠥᠶ ᠪᠣᠬᠢᠷᠲᠤᠯ ᠪᠣᠳᠠᠰ ᠨᠢ ᠳᠤᠤᠷᠠᠳᠤ ᠤᠷᠤᠰᠬᠠᠯ᠎ᠤᠨ ᠲᠠᠷᠢᠶᠠᠯᠠᠩ᠎ᠤᠨ ᠤᠰᠤᠯᠠᠯᠲᠠ᠎ᠶᠢᠨ ᠬᠡᠷᠡᠭᠯᠡᠬᠦ᠌ ᠤᠰᠤᠨ᠎ᠤ ᠠᠮᠤᠷ ᠲᠦᠪᠰᠢᠨ᠎ᠢ ᠨᠥᠯᠥᠭᠡᠯᠡᠵᠦ᠍ ᠮᠡᠳᠡᠬᠦ᠌᠎ᠳᠦ ᠭᠦᠷᠪᠡᠯ᠂ ᠣᠷᠣᠨ ᠨᠤᠲᠤᠭ᠎ᠤᠨ ᠤᠰᠤᠨ᠎ᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢᠨ ᠪᠠᠷᠢᠮᠵᠢᠶ᠎ᠠ᠎ᠶᠢ ᠲᠣᠭᠲᠠᠭᠠᠬᠤ ᠪᠠ ᠵᠠᠰᠠᠨ ᠲᠣᠭᠲᠠᠭᠠᠬᠤ ᠠᠵᠢᠯ᠎ᠢ ᠥᠷᠨᠢᠭᠦᠯᠵᠦ᠍᠂ ᠭᠠᠳᠠᠭᠰᠢᠯᠠᠭᠤᠯᠤᠯᠲᠠ᠎ᠶᠢ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶᠢ ᠴᠢᠩᠭᠠᠳᠬᠠᠬᠤ ᠬᠡᠷᠡᠭᠲᠡᠶ ᠭᠡᠵᠤ ᠱᠠᠭᠠᠷᠳᠠᠪᠠ᠃

ᠮᠡᠳᠡᠭᠳᠡᠯ᠎ᠳᠦ᠂ ᠠᠵᠤ ᠠᠬᠤᠶ᠋ᠢᠯᠠᠯ᠎ᠤᠨ ᠥᠪᠡᠰᠦᠪᠡᠨ ᠬᠢᠨᠠᠨ ᠬᠡᠮᠵᠢᠬᠦ᠌ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ᠌ ᠤᠰᠤᠨ᠎ᠤ ᠴᠢᠨᠠᠷ᠎ᠢ ᠬᠢᠨᠠᠨ ᠬᠡᠮᠵᠢᠬᠦ᠌ ᠮᠡᠷᠭᠡᠵᠢᠯ᠎ᠦᠨ ᠵᠦᠭᠯᠡᠭᠦᠷ᠎ᠢ ᠨᠡᠶ᠋ᠢᠲᠡᠯᠡᠵᠦ᠍᠂ ᠣᠷᠣᠨ ᠨᠤᠲᠤᠭ᠎ᠤᠨ᠎ᠬᠢᠨ ᠤ᠋ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ᠌ ᠤᠰᠤᠨ᠎ᠤ ᠴᠢᠨᠠᠷ᠎ᠢ ᠬᠢᠨᠠᠨ ᠬᠡᠮᠵᠢᠬᠦ᠌ ᠲᠥᠯᠥᠪᠯᠡᠭᠡ ᠲᠣᠭᠲᠠᠭᠠᠬᠤ ᠵᠢ ᠵᠢᠭᠠᠨ ᠵᠢᠯᠤᠭᠤᠳᠴᠤ᠂ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ᠌ ᠤᠰᠤᠨ᠎ᠤ ᠴᠢᠨᠠᠷ᠎ᠢ ᠬᠢᠨᠠᠨ ᠬᠡᠮᠵᠢᠵᠦ᠍ ᠬᠠᠮᠵᠢᠯᠴᠠᠬᠤ᠎ᠶᠢ ᠴᠢᠩᠭᠠᠳᠬᠠᠵᠤ᠂ ᠮᠡᠳᠡᠭᠡ ᠵᠠᠩᠭᠢ᠎ᠶᠢ ᠮᠡᠳᠡᠭᠡᠯᠡᠬᠦ᠌᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠌᠂ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ᠌ ᠵᠡᠷᠭᠡ ᠱᠠᠭᠠᠷᠳᠠᠯᠭ᠎ᠠ᠎ᠶᠢ ᠲᠣᠳᠣᠷᠬᠠᠶ᠋ᠢᠯᠠᠬᠤ ᠬᠡᠷᠡᠭᠳᠡᠢ ᠭᠡᠵᠤ ᠲᠤᠷᠠᠳᠪᠠ᠃

ᠮᠡᠳᠡᠭᠳᠡᠯ᠎ᠳᠦ᠂ ᠲᠤᠬᠠᠶ᠎ᠶᠢᠨ ᠲᠠᠯᠠᠪᠠᠢ ᠳ᠋ᠤ ᠬᠠᠤᠯᠢ ᠬᠡᠷᠡᠭᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠠᠭᠤᠰᠤᠭᠳᠠᠮᠠᠯ ᠠᠭᠤᠶ᠂ ᠨᠡᠪᠴᠢᠯ ᠨᠦᠬᠡ᠂ ᠠᠩ ᠵᠠᠪᠰᠠᠷ᠎ᠢ ᠠᠰᠢᠭᠯᠠᠬᠤ ᠵᠡᠷᠭᠡ ᠬᠠᠤᠯᠢ ᠪᠤᠰᠤ᠎ᠪᠠᠷ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ᠂ ᠮᠠᠯ ᠵᠢᠭᠦᠷᠲᠡᠨ᠎ᠦ ᠢᠯᠭᠠᠳᠠᠰᠤ᠎ᠶᠢ ᠭᠠᠳᠠᠭᠰᠢᠯᠠᠭᠤᠯᠬᠤ ᠵᠡᠷᠭᠡ ᠦᠢᠯᠡ ᠠᠵᠢᠯᠯᠠᠭ᠎ᠠ᠎ᠶᠢ ᠭᠤᠤᠯᠳᠠᠯᠭ᠎ᠠ᠎ᠲᠠᠶ ᠴᠡᠭᠴᠡᠯᠡᠨ ᠵᠠᠰᠠᠬᠤ ᠬᠡᠷᠡᠭᠲᠡᠶ᠃ ᠬᠠᠤᠯᠢ ᠬᠡᠷᠡᠭᠵᠢᠭᠦᠯᠬᠦ᠌ ᠬᠠᠤᠯᠢ ᠪᠠᠷᠢᠬᠤ᠎ᠶᠢᠨ ᠬᠣᠯᠪᠣᠯᠳᠤᠨ ᠬᠥᠳᠡᠯᠦᠯᠴᠡᠬᠦ᠌ ᠪᠠ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠌᠎ᠶᠢ ᠴᠢᠩᠭᠠᠳᠬᠠᠵᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ᠎ᠶᠢᠨ ᠬᠡᠷᠡᠭ᠎ᠦᠨ ᠬᠠᠤᠯᠢ ᠪᠠᠷᠢᠬᠤ᠎ᠶᠢ ᠵᠣᠯᠭᠠᠯᠳᠤᠭᠤᠯᠬᠤ᠎ᠶᠢ ᠲᠡᠭᠦᠯᠳᠡᠷᠵᠢᠭᠦᠯᠵᠦ᠍᠂ ᠣᠷᠴᠢᠨ ᠲᠤᠭᠤᠷᠢᠨ ᠢ᠋ ᠪᠣᠬᠢᠷᠲᠤᠭᠤᠯᠤᠭᠰᠠᠨ ᠶᠠᠯᠠᠲᠤ᠌ ᠠᠵᠢᠯᠯᠠᠭ᠎ᠠ᠎ᠳᠤ ᠡᠷᠡᠰ ᠴᠣᠬᠢᠯᠲᠠ ᠥᠭᠭᠦ ᠭᠡᠷᠡᠭᠳᠠᠢ᠃ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠪᠠ ᠤᠬᠠᠭᠤᠯᠭ᠎ᠠ ᠪᠣᠯᠪᠠᠰᠤᠷᠠᠯ᠎ᠢ ᠴᠢᠩᠭᠠᠳᠬᠠᠵᠤ᠂ ᠠᠵᠤ ᠠᠬᠤᠶ᠋ᠢᠯᠠᠯ᠎ᠤᠨ ᠬᠠᠤᠯᠢ᠎ᠶᠢ ᠰᠠᠬᠢᠬᠤ ᠤᠬᠠᠮᠰᠠᠷ ᠪᠠ ᠦᠨᠳᠦᠰᠦᠨ ᠱᠠᠲᠤᠨ᠎ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠌ ᠴᠢᠳᠠᠪᠤᠷᠢ᠎ᠶᠢ ᠳᠡᠭᠡᠭᠰᠢᠯᠡᠭᠦᠯᠬᠦ ᠭᠡᠷᠡᠭᠳᠠᠢ ᠭᠡᠵᠤ ᠱᠠᠭᠠᠷᠳᠠᠪᠠ᠃

︵ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 17 ᠎ᠤ᠋ ᠴᠠᠬᠢᠯᠭᠠᠨ ᠮᠡᠳᠡᠭᠡ︶ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号