ᠤᠢᠷ᠎ᠠ ᠳ᠋ᠤ᠂ 2026 ᠣᠨ᠎ᠤ ᠲᠣᠭᠠᠨ᠎ᠤ ᠤᠬᠠᠭᠠᠨ ᠪᠠ ᠵᠣᠬᠢᠶᠠᠮᠠᠯ ᠣᠶᠤᠨᠴᠢᠳᠠᠪᠤᠷᠢ ᠵᠢᠨ ᠬᠣᠰᠢᠭᠤᠷᠠᠯ ᠮᠡᠷᠭᠡᠵᠢᠯ᠎ᠤᠨ ᠣᠯᠠᠨ ᠤᠯᠤᠰ᠎ᠤᠨ ᠵᠣᠨ᠎ᠤ ᠠᠮᠠᠷᠠᠯᠲᠠ᠎ᠶᠢᠨ ᠰᠤᠷᠭᠠᠭᠤᠯᠢ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠰᠤᠷᠤᠯᠭ᠎ᠠ ᠡᠬᠢᠯᠡᠪᠡ᠃ ᠺᠠᠨᠠᠳᠠ᠂ ᠤᠷᠤᠰ᠂ ᠮᠣᠩᠭᠣᠯ ᠤᠯᠤᠰ ᠵᠡᠷᠭᠡ ᠤᠯᠤᠰ᠎ᠡᠴᠡ ᠢᠷᠡᠭᠰᠡᠨ ᠭᠠᠳᠠᠭᠠᠳᠤ᠎ᠶᠢᠨ ᠠᠺᠠᠳᠧᠮᠢᠴᠢ ᠵᠢᠴᠢ ᠨᠡᠷᠡᠳᠦ ᠲᠤᠰᠬᠠᠢ ᠮᠡᠷᠭᠡᠵᠢᠯᠲᠡᠨ ᠡᠷᠳᠡᠮᠲᠡᠳ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠲᠠᠯᠠᠢ ᠲᠠᠩᠭᠢᠰ᠎ᠤᠨ ᠶᠡᠬᠡ ᠰᠤᠷᠭᠠᠭᠤᠯᠢ ᠵᠡᠷᠭᠡ ᠤᠯᠠᠨ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠲᠠᠢ ᠨᠢᠭᠡ ᠲᠠᠩᠬᠢᠮ᠎ᠳᠤ ᠴᠤᠭᠯᠠᠷᠠᠵᠤ᠂ 7 ᠡᠳᠦᠷ᠎ᠦᠨ ᠬᠤᠭᠤᠴᠠᠭ᠎ᠠ᠎ᠲᠠᠢ ᠡᠷᠳᠡᠮ ᠰᠢᠨᠵᠢᠯᠡᠭᠡᠨ᠎ᠦ ᠠᠶᠠᠯᠠᠯ᠎ᠢᠶᠠᠨ ᠡᠬᠢᠯᠡᠭᠦᠯᠵᠡᠢ᠃
ᠲᠤᠰ ᠬᠤᠭᠤᠴᠠᠭᠠᠨ᠎ᠤ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠰᠤᠷᠭᠠᠭᠤᠯᠢ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠲᠤᠰᠠᠯᠠᠵᠤ᠂ ᠥᠪᠥᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠡᠴᠡ ᠭᠤᠤᠯᠯᠠᠨ ᠡᠷᠬᠢᠯᠡᠵᠦ᠂ 《ᠲᠣᠭᠠᠨ᠎ᠤ ᠤᠬᠠᠭᠠᠨ᠎ᠤ ᠰᠠᠭᠤᠷᠢ᠎ᠶᠢ ᠪᠡᠬᠢᠵᠢᠭᠦᠯᠵᠦ᠂ ᠬᠣᠰᠢᠭᠤᠷᠠᠯ ᠮᠡᠷᠭᠡᠵᠢᠯ᠎ᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠳᠦᠯᠭᠡ᠎ᠶᠢᠨ ᠬᠡᠷᠡᠭᠯᠡᠯᠲᠡ᠎ᠶᠢ ᠴᠢᠩᠭᠠᠳᠬᠠᠬᠤ》 ᠪᠠᠷ ᠭᠣᠣᠯ ᠰᠢᠵᠢᠮ ᠪᠣᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠷᠪᠠ ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠬᠠᠮᠲᠤᠷᠠᠨ ᠬᠢᠴᠢᠶᠡᠯ ᠤᠷᠤᠵᠤ᠂ ᠲᠤᠰᠬᠠᠢ ᠰᠡᠳᠦᠪᠲᠦ ᠲᠠᠢᠯᠤᠮᠵᠢ᠂ ᠦᠢᠯᠡᠳᠦᠯᠭᠡ᠎ᠶᠢᠨ ᠠᠵᠢᠯᠯᠠᠭ᠎ᠠ ᠪᠣᠯᠣᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ᠎ᠶᠢ ᠤᠶᠠᠯᠳᠤᠭᠤᠯᠤᠭᠰᠠᠨ ᠵᠢᠭᠠᠨ ᠰᠤᠷᠭᠠᠯᠲᠠ᠎ᠶᠢᠨ ᠵᠠᠭᠪᠤᠷ᠎ᠢ ᠬᠡᠷᠡᠭᠯᠡᠵᠦ᠂ ᠳᠡᠯᠡᠬᠡᠢ᠎ᠶᠢᠨ ᠬᠠᠷᠠᠭᠠᠰᠤ ᠲᠠᠢ ᠬᠠᠮ ᠬᠡᠯᠪᠡᠷᠢ᠎ᠶᠢᠨ ᠣᠷᠣᠢᠯᠠᠭᠰᠠᠨ ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠬᠥᠮᠥᠵᠢᠭᠦᠯᠬᠦ ᠲᠠᠯ᠎ᠠ ᠪᠡᠷ ᠰᠦᠪᠡᠭᠴᠢᠯᠡᠯᠳᠡ ᠬᠢᠭᠰᠡᠨ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号