ᠬᠢᠯᠢ ᠬᠢᠵᠠᠭᠠᠷ᠎ᠤᠨ ᠬᠣᠰᠢᠭᠤ ᠰᠢᠶᠠᠠ᠎ᠤ ᠰᠤᠷᠤᠭᠴᠢᠳ ᠲᠤ᠌ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠬᠦᠯᠬᠦ ᠠᠵᠢᠯᠯᠠᠭ᠎ᠠ ᠶᠠᠪᠤᠭᠳᠠᠵᠠᠢ
2026-08-03 15:51:07
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ 2026 ᠣᠨ᠎ᠤ ᠥᠪᠥᠷ ᠮᠣᠩᠭᠣᠯ᠎ᠤᠨ ᠬᠢᠯᠢ ᠬᠢᠵᠠᠭᠠᠷ᠎ᠤᠨ ᠬᠣᠰᠢᠭᠤ ᠰᠢᠶᠠᠠ᠎ᠤ ᠰᠤᠷᠤᠭᠴᠢᠳ ᠲᠤ᠌ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠥᠮᠦᠵᠢᠯ᠎ᠬᠦᠷᠳᠡᠬᠡᠬᠦ ᠠᠵᠢᠯᠯᠠᠭ᠎ᠠ ᠬᠥᠬᠡᠡᠡᠣᠲᠠ ᠪᠣᠯᠣᠨ ᠪᠤᠭᠤᠲᠤ ᠬᠤᠳᠠ᠎ᠳᠤ ᠵᠡᠷᠭᠡ ᠪᠡᠷ ᠶᠠᠪᠤᠭᠳᠠᠪᠠ᠃

ᠬᠢᠯᠢ ᠬᠢᠵᠠᠭᠠᠷ᠎ᠤᠨ ᠬᠣᠰᠢᠭᠤ ᠰᠢᠶᠠᠠ᠎ᠤ ᠰᠤᠷᠤᠭᠴᠢᠳ ᠲᠤ᠌ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠥᠮᠦᠵᠢᠯ᠎ᠬᠦᠷᠳᠡᠬᠡᠬᠦ ᠠᠵᠢᠯᠯᠠᠭ᠎ᠠ ᠵᠢ ᠥᠪᠥᠷ ᠮᠣᠩᠭᠣᠯ 3 ᠵᠢᠯ ᠳᠠᠷᠠᠭᠠᠯᠠᠨ ᠡᠷᠭᠢᠯᠡᠵᠦ᠂ ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠥᠮᠦᠵᠢᠯ᠎ᠦᠨ ᠣᠨᠴᠠᠯᠢᠭ᠍ᠲᠤ ᠲᠦᠷᠦᠯ ᠲᠡᠮᠳᠡᠭ ᠪᠤᠯᠵᠠᠢ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠥᠮᠦᠵᠢᠯ᠎ᠦᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠬᠢᠯᠢ ᠬᠢᠵᠠᠭᠠᠷ ᠣᠷᠣᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭᠵᠢᠯᠲᠡ᠎ᠳᠦ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠮᠥᠨ᠃ ᠲᠣᠰ ᠤᠳᠠᠭ᠎ᠠ᠎ᠵᠢᠨ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠡᠡᠣᠲᠠ᠎ᠳᠠᠬᠢ ᠬᠤᠪᠢᠶᠠᠷᠢ ᠰᠤᠷᠭᠠᠭᠤᠯᠢ ᠪᠣᠯᠣᠨ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠬᠠᠮᠲᠤᠷᠠᠨ ᠳᠠᠭᠠᠭᠠᠴᠢᠯᠠᠨ ᠡᠷᠭᠢᠯᠡᠵᠦ᠂ ᠪᠥᠬᠥ ᠣᠷᠣᠨ᠎ᠤ 20 ᠬᠢᠯᠢ ᠬᠢᠵᠠᠭᠠᠷ᠎ᠤᠨ ᠬᠣᠰᠢᠭᠤ ᠰᠢᠶᠠᠨ᠎ᠤ 320 ᠪᠠᠭ᠍ᠰᠢ ᠰᠣᠷᠣᠭ᠍ᠴᠢ ᠣᠷᠣᠯᠴᠠᠵᠠᠢ᠃

ᠬᠥᠬᠡᠡᠡᠣᠲᠠ᠎ᠶᠢᠨ ᠠᠵᠢᠯᠯᠠᠭ᠎ᠠ᠎ᠳ᠋ᠤ ᠰᠤᠷᠤᠭ᠍ᠴᠢᠳ ᠥᠪᠥᠷ ᠮᠣᠩᠭᠣᠯ᠎ᠤᠨ ᠮᠦᠽᠧᠢ ᠵᠢᠨ ᠬᠦᠷᠢᠶᠡᠯᠡᠩ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠳᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠬᠠᠷᠢᠯᠴᠠᠨ ᠦᠢᠯᠡᠳᠦᠯᠴᠡᠬᠦ ᠳᠤᠮᠳᠠ ᠲᠡᠦᠬᠡ ᠰᠣᠶᠣᠯ᠎ᠢ ᠤᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠷᠢᠳᠢ ᠰᠢᠳᠢ᠎ᠶᠢ ᠮᠡᠳᠡᠷᠡᠵᠡᠢ; ᠪᠤᠭᠤᠲᠤ᠎ᠶᠢᠨ ᠠᠵᠢᠯᠯᠠᠭ᠎ᠠ ᠎ᠳᠤ ᠰᠤᠷᠤᠭ᠍ᠴᠢᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠰᠬᠠᠢ ᠰᠡᠳᠦᠪᠲᠦ ᠲᠠᠢᠯᠤᠮᠵᠢ ᠵᠢ ᠰᠤᠨᠤᠰᠤᠨ ᠮᠡᠳᠡᠯᠬᠡ ᠮᠡᠳᠡᠴᠡ ᠪᠠᠨ ᠦᠷᠬᠡᠳᠬᠡᠵᠦ᠂ ᠰᠢᠷᠢᠰ ᠦᠢᠯᠡᠳᠦᠯᠭᠡ᠎ᠶᠢᠨ ᠬᠢᠴᠢᠶᠡᠯ᠎ᠦᠨ ᠲᠠᠩᠬᠢᠮ᠎ᠳᠤ ᠭᠠᠷ ᠬᠥᠳᠡᠯᠬᠦ ᠴᠢᠳᠠᠪᠤᠷᠢ ᠪᠣᠯᠣᠨ ᠰᠢᠨ᠎ᠡ᠎ᠶᠢ ᠡᠭᠦᠳᠬᠦ ᠰᠡᠳᠬᠢᠬᠦᠢ᠎ᠪᠡᠨ ᠳᠡᠭᠡᠭᠰᠢᠯᠡᠭᠦᠯᠵᠡᠢ᠃ ᠪᠡᠶᠡᠴᠢᠯᠡᠨ ᠤᠢᠯᠠᠭᠠᠬᠤ ᠮᠠᠶᠢᠭ᠎ᠤᠨ ᠰᠤᠳᠤᠯᠤᠨ ᠰᠤᠷᠤᠯᠴᠠᠬᠤ᠎ᠠᠵᠢᠯᠯᠠᠭ᠎ᠠ ᠲᠡᠭᠡᠷ᠎ᠡ ᠰᠤᠷᠤᠭᠴᠢᠳ ᠪᠤᠭᠤᠲᠤ᠎ᠶᠢᠨ ᠮᠦᠽᠧᠢ᠂ ᠴᠡᠷᠢᠭ᠎ᠦᠨ ᠵᠡᠪᠰᠡᠭ᠎ᠦᠨ ᠴᠡᠴᠡᠷᠯᠢᠭ᠎ᠲᠦ ᠬᠦᠷᠴᠦ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠬᠥᠭᠵᠢᠯᠲᠡ᠎ᠶᠢᠨ ᠪᠣᠳᠠᠲᠤ ᠬᠦᠴᠦᠨ ᠪᠣᠯᠣᠨ ᠠᠵᠤ ᠦᠢᠯᠡᠰ᠎ᠦᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠣᠢᠯᠠᠭᠠᠪᠠ; ᠶᠡᠬᠡ ᠳᠡᠬᠡᠳᠤ ᠰᠤᠷᠭᠠᠭᠤᠯᠢ᠎ᠶᠢᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠲᠤ ᠭᠦᠨᠵᠡᠭᠡᠢᠷᠡᠵᠦ᠂ ᠬᠣᠰᠢᠭᠤᠷᠠᠯ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠢ ᠤᠢᠷ᠎ᠠ ᠵᠠᠢ ᠡᠴᠡ ᠤᠢᠯᠠᠭᠠᠪᠠ᠃

ᠬᠢᠯᠢ ᠬᠢᠵᠠᠭᠠᠷ᠎ᠤᠨ ᠬᠣᠰᠢᠭᠤ ᠰᠢᠶᠠᠠ᠎ᠤ ᠰᠤᠷᠤᠭᠴᠢᠳ ᠲᠤ᠌ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠬᠦᠯᠬᠦ  ᠠᠵᠢᠯᠯᠠᠭ᠎ᠠ ᠨᠢ ᠪᠥᠬᠥ ᠣᠷᠣᠨ᠎ᠤ ᠬᠢᠯᠢ ᠬᠢᠵᠠᠭᠠᠷ᠎ᠤᠨ ᠬᠣᠰᠢᠭᠤ ᠰᠢᠶᠠᠨ᠎ᠤ ᠪᠠᠭ᠍ᠰᠢ ᠰᠤᠷᠤᠭ᠍ᠴᠢᠳ᠎ᠲᠤ ᠬᠠᠷᠠᠭ᠎ᠠ᠎ᠪᠠᠨ ᠥᠷᠭᠡᠳᠬᠡᠬᠦ᠂ ᠬᠤᠰᠢᠭᠤᠷᠠᠯ ᠮᠡᠷᠬᠡᠵᠢᠯ ᠳᠠᠢ ᠤᠢᠷᠠᠳᠤᠬᠤ ᠰᠢᠯᠢᠳᠡᠭ ᠲᠠᠪᠴᠠᠩ᠎ᠢ ᠪᠠᠢᠭᠤᠯᠤᠨ ᠥᠭᠴᠦ᠂ ᠶᠡᠬᠡ ᠳᠡᠬᠡᠳᠤ ᠰᠤᠷᠭᠠᠭᠤᠯᠢ᠎ᠶᠢᠨ ᠰᠢᠯᠢᠳᠡᠭ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠤ᠋ ᠬᠥᠮᠦᠵᠢᠯ᠎ᠳ᠋ᠤ ᠴᠢᠳᠠᠪᠤᠷᠢ ᠤᠯᠭᠤᠬᠤ ᠵᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号