ᠣᠳᠣᠬᠠᠨ ᠳ᠋ᠤ᠂ ᠪᠠᠶᠠᠨᠨᠠᠭᠤᠷ ᠬᠣᠲᠠ ᠵᠢᠨ ᠬᠠᠩᠭᠢᠨ ᠬᠣᠢᠲᠤ ᠬᠣᠰᠢᠭᠤᠨ ᠤ᠋ ᠤᠯᠠᠭᠠᠨᠪᠤᠬ᠎ᠠ ᠡᠯᠡᠰᠦᠨ ᠴᠥᠯ ᠢ᠋ ᠶᠡᠷᠦᠩᠬᠡᠢᠯᠡᠨ ᠵᠠᠰᠠᠬᠤ 3.6 ᠲᠦᠮᠡᠨ ᠮᠦ᠍ ᠵᠢᠨ ᠵᠢᠱ᠌ᠢᠶ᠎ᠡ ᠦᠵᠡᠭᠦᠯᠬᠦ ᠣᠷᠣᠨ ᠳ᠋ᠤ ᠨᠡᠶ᠋ᠢᠲᠡ 2400 ᠲᠦᠮᠡᠨ ᠰᠠᠭᠤᠷᠢ ᠴᠢᠬᠢ ᠮᠣᠳᠣ᠌ ᠳᠠᠷᠢᠵᠤ᠂ ᠴᠢᠬᠢ ᠮᠣᠳᠣᠨ ᠤ᠋ ᠡᠳᠡᠭᠡᠷᠡᠯᠲᠡ ᠵᠢᠨ ᠨᠣᠷᠮ᠎ᠠ ᠨᠢ 90% ᠡᠴᠡ ᠳᠡᠭᠡᠭᠰᠢ ᠳ᠋ᠤ ᠬᠦᠷᠴᠦ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠳᠠ ᠮᠣᠳᠣᠨ ᠤ᠋ ᠣᠢᠵᠢᠭᠤᠯᠵᠤ ᠡᠳᠡᠭᠡᠷᠡᠭᠰᠡᠨ 70% ᠵᠢᠨ ᠨᠣᠷᠮ᠎ᠠ ᠡᠴᠡ ᠳᠠᠪᠠᠵᠤ᠂ ᠪᠥᠬᠥ ᠤᠯᠤᠰ ᠤ᠋ᠨ ᠭᠠᠩ ᠬᠠᠭᠤᠷᠠᠢ ᠭᠠᠵᠠᠷ ᠣᠷᠣᠨ ᠤ᠋ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠳ᠋ᠤ ᠳᠠᠭᠤᠷᠢᠶᠠᠵᠤ ᠪᠤᠯᠬᠤᠢᠴᠠ ᠳᠡᠯᠭᠡᠷᠡᠭᠦᠯᠵᠦ ᠪᠣᠯᠬᠤᠢᠴᠠ ᠰᠢᠨ᠎ᠡ ᠥᠯᠢᠭᠡᠷ ᠳᠠᠭᠤᠷᠢᠶᠠᠯ ᠪᠤᠯᠪᠠ ᠃
ᠡᠨᠡ ᠬᠦ᠌ ᠭᠢᠯᠠᠯᠵᠠᠮ᠎ᠠ ᠠᠮᠵᠢᠯᠲᠠ ᠵᠢᠨ ᠠᠷᠤ ᠳ᠋ᠤ ᠬᠠᠩᠭᠢᠨ ᠬᠣᠢᠲᠤ ᠬᠣᠰᠢᠭᠤᠨ ᠤ᠋ ᠬᠡᠳᠦᠨ ᠦᠶ᠎ᠡ ᠵᠢᠨ ᠡᠯᠡᠰᠦ ᠶ᠋ᠢ ᠵᠠᠰᠠᠭᠴᠢᠳ ᠤ᠋ᠨ ᠴᠢᠷᠮᠠᠢᠯᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠡᠯᠡᠰᠦ ᠶ᠋ᠢ ᠵᠠᠰᠠᠭᠰᠠᠨ ᠦᠢᠯᠡᠳᠦᠯᠭᠡ ᠪᠤᠢ ᠃ 20 ᠳ᠋ᠤᠭᠠᠷ ᠵᠠᠭᠤᠨ ᠤ᠋ ᠲᠠᠪᠢ ᠵᠢᠷᠠᠭᠠᠳ ᠣᠨ ᠳ᠋ᠤ ᠬᠣᠭᠣᠰᠤᠨ ᠭᠠᠷ ᠬᠤᠶᠠᠷ ᠨᠢᠳᠤᠷᠭ᠎ᠠ ᠪᠡᠷᠡᠯᠡᠰᠦ ᠶ᠋ᠢ ᠵᠠᠰᠠᠵᠤ ᠪᠠᠢᠭᠰᠠᠨ ᠡᠴᠡ ᠣᠳᠣ᠌ ᠪᠠᠷᠢᠮᠵᠢᠶᠠᠵᠢᠭ᠍ᠰᠠᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭ᠍ᠵᠢᠭᠤᠯᠤᠭᠰᠠᠨ ᠣᠢᠵᠢᠭᠤᠯᠤᠯᠲᠠ ᠶ᠋ᠢ ᠪᠡᠶᠡᠯᠡᠭᠦᠯᠪᠡ᠃《ᠤᠮᠠᠷᠠᠲᠤ ᠵᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭᠠᠨ ᠤ᠋ ᠢᠨᠵᠧᠨᠧᠷᠢᠩ ᠳ᠋ᠤ ᠲᠦᠰᠢᠭᠯᠡᠨ ᠲᠤᠬᠠᠢ ᠵᠢᠨ ᠭᠠᠵᠠᠷ ᠤ᠋ᠨ ᠬᠢᠨ ᠤᠯᠠᠭᠠᠨᠪᠤᠬ᠎ᠠ ᠡᠯᠡᠰᠦᠨ ᠴᠥᠯ ᠤ᠋ᠨ ᠵᠡᠭᠦᠨ ᠵᠠᠬ᠎ᠠ ᠳ᠋ᠤ 48 ᠺᠢᠯᠣᠮᠧᠲᠷ ᠤ᠋ᠨ ᠰᠠᠯᠬᠢ ᠶ᠋ᠢ ᠬᠠᠯᠬᠠᠯᠠᠵᠤ ᠡᠯᠡᠰᠦ ᠶ᠋ᠢ ᠲᠣᠭᠲᠠᠪᠤᠷᠢᠵᠢᠭᠤᠯᠬᠤ ᠣᠶ ᠵᠢᠨ ᠪᠦᠰᠡ ᠶ᠋ᠢ ᠪᠠᠢᠭᠤᠯᠵᠤ᠂ ᠡᠯᠡᠰᠦᠨ ᠴᠥᠯ ᠤ᠋ᠨ ᠵᠡᠭᠦᠨᠰᠢᠯᠡᠬᠦ ᠶ᠋ᠢ ᠪᠠᠲᠤ ᠬᠤᠷᠢᠭᠯᠠᠪᠠ᠃ ᠣᠳᠣᠬᠠᠨ ᠳ᠋ᠤ᠂ ᠵᠢᠱ᠌ᠢᠶ᠎ᠡ ᠦᠵᠡᠭᠦᠯᠬᠦ ᠣᠷᠣᠨ ᠤ᠋ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ 90% ᠶ᠋ᠢ ᠳᠠᠪᠠᠵᠤ᠂ ᠡᠪᠡᠰᠦ ᠪᠡᠯᠴᠢᠭᠡᠷ ᠬᠢᠭᠡᠳ ᠠᠮᠢ ᠠᠬᠤᠢ ᠵᠢᠨ ᠣᠶ ᠰᠦᠯᠵᠢᠯᠳᠦᠨ᠂ ᠪᠠᠷᠠᠭ᠎ᠠ ᠲᠠᠰᠤᠷᠠᠭᠰᠠᠨ ᠬᠡᠭᠡᠷ᠎ᠡ ᠵᠢᠨ ᠠᠮᠢᠲᠠᠨ ᠳᠠᠬᠢᠨᠲᠠ ᠬᠠᠷᠠᠭᠳᠠᠬᠤ ᠪᠤᠯᠵᠤ᠂ ᠠᠮᠢ ᠠᠬᠤᠢ ᠵᠢᠨ ᠰᠢᠰᠲᠧᠮ ᠤ᠋ᠨ ᠲᠣᠭᠲᠠᠪᠤᠷᠢᠲᠤ ᠴᠢᠨᠠᠷ ᠢᠯᠡᠳᠲᠡ ᠳᠡᠭᠡᠭᠰᠢᠯᠡᠪᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号