ᠤᠢᠷ᠎ᠠ᠎ᠳᠤ᠂ ᠦᠪᠦᠷ ᠮᠤᠩᠭᠤᠯ᠎ᠤᠨ ᠵᠡᠮᠳᠡᠭᠴᠦᠳ᠎ᠦᠨ ᠬᠤᠯᠪᠤᠭ᠎ᠠ ᠬᠣᠶᠠᠳᠤᠭᠠᠷ ᠬᠤᠭᠤᠴᠠᠭᠠᠨ᠎ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠤᠯᠭᠠᠨ ᠦᠢᠯᠡᠳᠦᠯᠭᠡᠵᠢᠭᠦᠯᠬᠦ ᠨᠣᠮ ᠤᠩᠰᠢᠬᠤ ᠠᠩᠭᠢ ᠡᠷᠭᠢᠯᠡᠵᠦ᠂ ᠬᠢᠴᠢᠶᠡᠯ᠎ᠤᠨ ᠲᠤᠬᠢᠷᠠᠭᠤᠯᠤᠯᠲᠠᠳ᠋ᠤ ᠲᠤᠰᠬᠠᠢ ᠰᠡᠳᠦᠪᠲᠦ ᠲᠠᠢᠯᠤᠮᠵᠢ᠂ ᠬᠠᠮᠲᠤ᠎ᠶᠢᠨ ᠰᠤᠷᠤᠯᠴᠠᠯᠭ᠎ᠠ ᠬᠢᠭᠡᠳ ᠰᠤᠳᠤᠯᠤᠨ ᠶᠠᠷᠢᠯᠴᠠᠬᠤ᠎ᠶᠢ ᠣᠷᠭᠠᠨᠢᠭ᠋᠎ᠢᠶᠠᠷ ᠠᠭᠤᠰᠤᠯᠴᠠᠭᠤᠯᠪᠡ᠃
ᠨᠣᠮ ᠤᠩᠰᠢᠬᠤ ᠠᠩᠭᠢ ᠨᠢ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶᠢᠨ ᠵᠢᠭᠠᠬᠤ᠎ᠶᠢ ᠰᠤᠳᠤᠯᠬᠤ ᠬᠡᠯᠲᠡᠰ᠎ᠦᠨ ᠡᠷᠬᠢᠯᠡᠭᠴᠢ ᠵᠣᠣ ᠱᠦ᠍ ᠯᠦ᠍ ᠫᠷᠤᠹᠧᠰᠰᠤᠷ᠎ᠢ ᠤᠷᠢᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠬᠠᠮᠤᠭ᠎ᠤᠨ ᠳᠡᠭᠡᠳᠦ ᠵᠠᠷᠴᠢᠮ᠂ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠂ ᠥᠷᠲᠡᠭ᠎ᠦᠨ ᠬᠥᠭᠡᠭᠡᠴᠡᠯᠳᠦᠯ᠂ ᠠᠵᠢᠯ᠎ᠤᠨ ᠪᠠᠢᠷᠢᠰᠢᠭᠤᠯᠤᠯᠲᠠ᠂ ᠠᠷᠭ᠎ᠠ ᠵᠠᠮ᠎ᠤᠨ ᠲᠣᠭᠣᠷᠢᠨ᠎ᠳᠤ ᠲᠤᠰᠬᠠᠢ ᠰᠡᠳᠦᠪᠲᠦ ᠲᠠᠢᠯᠤᠮᠵᠢ ᠬᠢᠯᠭᠡᠪᠡ᠃ ᠲᠠᠢᠯᠤᠮᠵᠢᠳ᠋ᠤ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢᠨ《ᠠᠷᠪᠠᠨ ᠳᠥᠷᠪᠡᠨ ᠪᠠᠷᠢᠮᠲᠠᠯᠠᠯ》᠎ᠤ᠋ᠨ ᠰᠢᠨᠵᠢᠯᠡᠬᠦ ᠤᠬᠠᠭᠠᠨᠴᠢ ᠰᠢᠰᠲᠧᠮ᠎ᠢ ᠲᠠᠢᠯᠪᠤᠷᠢᠯᠠᠵᠦ᠂ ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠮᠥᠨ ᠭᠡᠬᠦ ᠢᠯᠡ ᠲᠣᠳᠣ᠌ ᠵᠣᠭᠰᠣᠯᠲᠠ᠎ᠶᠢ ᠭᠦᠨᠵᠡᠭᠡᠢ ᠲᠣᠳᠣᠷᠬᠠᠢᠯᠠᠨ ᠥᠭᠦᠯᠡᠪᠡ᠃ ᠨᠣᠮ ᠤᠩᠰᠢᠬᠤ ᠠᠩᠭᠢ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠤᠭ ᠵᠣᠬᠢᠶᠠᠯ᠎ᠢ ᠭᠣᠣᠯᠳᠠᠯᠭ᠎ᠠ᠎ᠲᠠᠢ ᠰᠤᠷᠤᠯᠴᠠᠵᠤ᠂《ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠲᠤᠬᠠᠢ ᠵᠣᠬᠢᠶᠠᠯ᠎ᠤᠨ ᠲᠡᠭᠦᠪᠦᠷᠢ》 ᠵᠢᠨ ᠬᠣᠯᠪᠣᠭᠳᠠᠯ ᠪᠦᠬᠦᠢ ᠵᠣᠬᠢᠶᠠᠯ᠎ᠢ ᠬᠠᠮᠲᠤ᠎ᠪᠠᠷ ᠰᠤᠳᠤᠯᠤᠨ ᠤᠩᠰᠢᠵᠤ᠂ ᠪᠥᠬᠥ ᠤᠯᠤᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠵᠤ᠂ ᠣᠢᠷ᠎ᠠ᠎ᠶᠢᠨ ᠬᠤᠭᠤᠴᠠᠭᠠᠨ᠎ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠤᠯᠭᠠᠨ ᠦᠢᠯᠡᠳᠦᠯᠭᠡᠵᠢᠭᠦᠯᠬᠦ ᠬᠠᠮᠢᠶ᠎ᠠ ᠪᠦᠬᠦᠢ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠬᠤ᠎ᠶᠢᠨ ᠬᠠᠮᠲᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃
ᠬᠤᠷᠠᠯ᠎ᠠᠴᠠ ᠵᠡᠮᠳᠡᠭᠴᠦᠳ᠎ᠦᠨ ᠬᠣᠯᠪᠣᠭ᠎ᠠ ᠨᠢ ᠨᠠᠮ ᠪᠠ ᠵᠠᠰᠠᠭ᠎ᠤᠨ ᠣᠷᠳᠣᠨ᠎ᠤ ᠥᠷᠭᠡᠨ ᠤᠯᠠᠨ ᠵᠡᠮᠳᠡᠭᠴᠦᠳ᠎ᠲᠠᠢ ᠬᠠᠷᠢᠯᠴᠠᠬᠤ ᠬᠥᠭᠥᠷᠭᠡ ᠬᠣᠯᠪᠣᠭᠠᠰᠤ ᠪᠣᠯᠤᠭᠰᠠᠨ᠎ᠤ ᠬᠤᠪᠢ᠎ᠳᠤ᠂ ᠡᠷᠬᠡᠪᠰᠢ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠣᠯᠭᠠᠵᠤ᠂《ᠵᠡᠮᠳᠡᠭᠴᠦᠳ᠎ᠤᠨ ᠬᠠᠨᠤᠮᠵᠢᠲᠠᠢ ᠪᠠᠢᠬᠤ ᠡᠰᠡᠬᠦ》᠎ᠶ᠋ᠢ ᠲᠤᠬᠠᠢᠯᠠᠬᠰᠠᠨ ᠠᠵᠢᠯ᠎ᠤᠨ ᠦᠷ᠎ᠡ ᠪᠦᠲᠦᠮᠵᠢ ᠪᠠᠨ ᠰᠢᠯᠭᠠᠨ ᠪᠠᠢᠴᠠᠭᠠᠬᠤ ᠨᠢᠭᠡᠳᠦᠭᠡᠷ ᠪᠠᠷᠢᠮᠵᠢᠶ᠎ᠠ ᠪᠣᠯᠭᠠᠬᠤ ᠬᠡᠷᠡᠭᠲᠡᠢ; ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠵᠡᠮᠳᠡᠭᠴᠦᠳ᠎ᠦᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠣᠯᠲᠠ᠂ ᠡᠷᠬᠡ ᠠᠰᠢᠭ᠋᠎ᠢ ᠬᠠᠮᠠᠭᠠᠯᠠᠬᠤ᠂ ᠰᠠᠭᠠᠳ ᠦᠭᠡᠢ ᠣᠷᠴᠢᠨ ᠲᠣᠭᠣᠷᠢᠨ᠎ᠢ ᠪᠦᠲᠦᠭᠡᠨ ᠪᠠᠶ᠋ᠢᠭᠤᠯᠬᠤ ᠵᠡᠷᠭᠡ ᠪᠣᠳᠠᠲᠠᠢ ᠠᠵᠢᠯᠯᠠᠭ᠎ᠠ᠎ᠳᠤ ᠠᠭᠤᠰᠤᠯᠴᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠥᠪᠥᠷ ᠮᠣᠩᠭᠣᠯ᠎ᠤᠨ ᠦᠢᠯᠡᠳᠦᠯᠭᠡ ᠳᠤᠮᠳᠠᠬᠢ ᠵᠡᠮᠳᠡᠭᠴᠦᠳ᠎ᠦᠨ ᠬᠣᠯᠪᠣᠭ᠎ᠠ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃