— ᠪᠦᠬᠦ ᠤᠷᠤᠨ᠎ᠤ ᠠᠮᠤ ᠪᠤᠳᠠᠭᠠᠨ᠎ᠤ ᠤᠢᠯᠠᠳᠪᠤᠷᠢᠯᠠᠯᠤᠨ ᠲᠠᠷᠢᠬᠦᠨ᠎ᠤ ᠬᠤᠪᠢ ᠬᠦᠮᠤᠨ ᠵᠠᠩ ᠯᠢ ᠯᠢ ᠵᠢ ᠲᠡᠮᠳᠡᠭᠯᠡᠪᠡ
ᠮᠠᠨ᠎ᠤ ᠰᠤᠷᠪᠤᠯᠵᠢᠯᠠᠭ᠎ᠠ ᠵᠢᠨ ᠪᠦᠯᠬᠦᠮ᠎ᠤᠨ ᠬᠢᠨ ᠲᠦᠩᠯᠢᠶᠣᠤ ᠬᠣᠲᠠ᠎ᠶᠢᠨ ᠵᠠᠷᠤᠳ ᠬᠣᠰᠢᠭᠤᠨ᠎ᠤ ᠦᠨᠡᠭᠡᠴᠢ ᠰᠤᠮᠤ᠎ᠶᠢᠨ ᠬᠤᠸᠠ ᠵᠢᠶᠧ ᠭᠠᠴᠠᠭᠠᠨ᠎ᠤ ᠯᠢ ᠵᠢᠶᠧ ᠲᠠᠷᠢᠮᠠᠯ᠎ᠤᠨ ᠬᠤᠷᠰᠢᠶ᠎ᠠ ᠵᠢ ᠵᠤᠷᠢᠵᠤ ᠬᠦᠷᠬᠦ᠎ᠳᠤ᠂ ᠠᠢᠯ᠎ᠤᠨ ᠬᠡᠳᠦᠨ ᠪᠦᠰᠡᠭᠦᠢᠴᠤᠳ ᠨᠡᠭᠡᠮᠡᠯ ᠨᠡᠭᠡᠵᠦ ᠤᠷᠠᠨ ᠵᠢᠡᠨ ᠮᠦᠴᠡᠭᠡᠷᠭᠡᠨ᠂ ᠴᠠᠭᠠᠨ᠎ᠠ ᠨᠢ ᠬᠡᠳᠦᠨ ᠡᠷᠡᠴᠤᠳ ᠡᠨᠡ ᠵᠢᠯ᠎ᠤᠨ ᠲᠠᠷᠢᠶ᠎ᠠ ᠮᠤᠳᠤᠨ᠎ᠤ ᠲᠤᠬᠠᠢ ᠶᠠᠷᠢᠯᠴᠠᠵᠤ ᠪᠠᠢᠯ᠎ᠠ᠃ ᠲᠡᠳᠡ ᠪᠤᠯ ᠪᠦᠷ ᠬᠤᠷᠰᠢᠶ᠎ᠠ ᠵᠢᠨ ᠬᠡᠰᠢᠭᠦᠨ ᠪᠤᠯᠤᠨ᠎ᠠ᠃ ᠪᠤᠭᠤᠨᠢ ᠬᠡᠵᠢᠬᠡ ᠲᠠᠢ ᠮᠠᠷᠢᠶᠠᠯᠢᠬ ᠵᠠᠯᠠᠭᠤ ᠪᠦᠰᠡᠭᠦᠢ ᠮᠠᠨᠢ ᠤᠬᠲᠤᠨ ᠪᠤᠰᠤᠭᠰᠠᠨ ᠨᠢ ᠬᠤᠷᠰᠢᠶ᠎ᠠ ᠵᠢᠨ ᠬᠠᠷᠢᠭᠤᠴᠠᠯᠭᠠᠲᠠᠨ᠂ ᠭᠠᠴᠠᠭᠠᠨ᠎ᠤ ᠨᠠᠮ᠎ᠤᠨ ᠡᠭᠦᠷ᠎ᠦᠨ ᠳᠡᠳ᠋ ᠱᠦᠵᠢ ᠵᠠᠩ ᠯᠢ ᠯᠢ ᠪᠠᠢᠵᠠᠢ᠃ ᠲᠡᠭᠦᠨ᠎ᠢ ᠳᠤᠷᠠᠳᠬᠤ ᠲᠠᠢ ᠵᠡᠷᠭᠡ ᠲᠤᠬᠠᠢ᠎ᠶᠢᠨ ᠭᠠᠵᠠᠷ᠎ᠤᠨ ᠮᠠᠯᠴᠢᠨ ᠲᠠᠷᠢᠶᠠᠴᠢᠨ 《ᠡᠨᠡ ᠪᠦᠰᠡᠬᠦᠢ ᠰᠦᠷᠡᠬᠡᠢ ᠰᠢᠦ》 ᠬᠡᠮᠡᠨ ᠡᠷᠡᠭᠡᠢ ᠱᠠᠨᠭᠨᠠᠳᠠᠭ᠃ ᠤᠯᠠᠨ ᠵᠢᠯ᠎ᠤᠨ ᠲᠤᠷᠰᠢ ᠲᠡᠷᠡ ᠪᠡᠷ ᠨᠢᠭᠡ ᠲᠠᠯ᠎ᠠ᠎ᠪᠠᠷ ᠨᠡᠬᠡᠮᠡᠯ᠎ᠦᠨ ᠠᠵᠢᠯ᠎ᠤᠨ ᠲᠠᠰᠤᠭ᠎ᠢ ᠡᠭᠦᠳᠦᠨ ᠪᠠᠶ᠋ᠢᠭᠤᠯᠵᠤ᠂ ᠡᠮᠡᠭᠲᠡᠶ᠋ᠢᠴᠦᠳ᠎ᠢ ᠭᠡᠷ᠎ᠲᠡᠭᠡᠨ ᠰᠠᠭᠤᠵᠤ ᠣᠷᠣᠯᠭ᠎ᠠ ᠣᠯᠬᠤ ᠪᠤᠯᠭᠠᠵᠤ᠂ ᠨᠦᠬᠦᠭᠡ ᠲᠠᠯ᠎ᠠ᠎ᠪᠠᠷ ᠦᠪᠡᠷ ᠵᠢᠡᠨ ᠲᠦᠷᠦᠭᠦᠯᠡᠨ ᠲᠠᠷᠢᠮᠠᠯ᠎ᠤᠨ ᠬᠤᠷᠰᠢᠶ᠎ᠠ ᠪᠠᠶ᠋ᠢᠭᠤᠯᠵᠤ ᠲᠠᠷᠢᠶᠠᠴᠢᠨ ᠡᠷᠦᠭᠡ᠎ᠶᠢᠨ ᠳᠠᠷᠤᠭᠠᠰᠤ᠎ᠶᠢ ᠬᠥᠩᠭᠡᠷᠡᠭᠦᠯᠦᠨ ᠣᠷᠣᠯᠭ᠎ᠠ᠎ᠶᠢ ᠨᠢ ᠨᠡᠮᠡᠭᠳᠡᠭᠦᠯᠪᠡ᠃ ᠡᠨᠡ ᠵᠢᠯ ᠵᠠᠩ ᠯᠢ ᠯᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠠᠵᠢᠯ᠎ᠤᠨ ᠰᠢᠯᠢᠳᠡᠭ ᠠᠵᠢᠯᠳᠠᠨ》 ᠵᠢᠡᠷ ᠦᠨᠡᠯᠡᠭᠳᠡᠪᠡ᠃ ᠡᠨᠡ ᠢᠷᠠᠭᠤ ᠠᠯᠳᠠᠷ ᠨᠢ ᠲᠡᠭᠦᠨ᠎ᠦ ᠠᠵᠤ ᠦᠢᠯᠡᠰ᠎ᠢᠶᠡᠷ ᠲᠣᠰᠬᠣᠨ᠎ᠢᠶᠠᠨ ᠮᠠᠨᠳᠤᠭᠤᠯᠬᠤ᠂ ᠬᠠᠶ᠋ᠢᠷ᠎ᠠ ᠬᠠᠯᠠᠮᠵᠢ᠎ᠪᠠᠷ ᠠᠷᠠᠳ ᠲᠦᠮᠡᠨ᠎ᠢ ᠬᠠᠪᠰᠤᠷᠤᠨ ᠤᠯᠠᠨ ᠲᠦᠮᠡᠨ᠎ᠢ ᠳᠠᠭᠠᠭᠤᠯᠵᠤ ᠬᠠᠮᠲᠤ᠎ᠪᠠᠷ ᠪᠠᠶᠠᠵᠢᠯ᠎ᠤᠨ ᠵᠠᠮ ᠵᠢᠡᠷ ᠵᠠᠮᠨᠠᠬᠰᠠᠨᠤ ᠬᠢᠨᠢ ᠳᠡᠭᠡᠳᠦ ᠬᠡᠮᠵᠢᠶᠡᠨ᠎ᠤ ᠨᠤᠲᠠᠯᠠᠯᠲᠠ ᠪᠠᠢᠯ᠎ᠠ᠃

ᠵᠠᠨᠭ᠌ ᠯᠢ ᠯᠢ
《ᠮᠠᠨ᠎ᠤ ᠬᠣᠷᠰᠢᠶ᠎ᠠ 2017 ᠣᠨ᠎ᠳᠤ ᠪᠠᠶ᠋ᠢᠭᠤᠯᠤᠭᠳᠠᠵᠠᠢ᠃ ᠬᠤᠷᠰᠢᠶ᠎ᠠ ᠪᠠᠶ᠋ᠢᠭᠤᠯᠤᠭᠳᠠᠭᠰᠠᠨ᠎ᠤ ᠳᠠᠷᠠᠭ᠎ᠠ ᠪᠢ ᠬᠤᠷᠰᠢᠶ᠎ᠠ ᠵᠢᠨ ᠡᠭᠡᠴᠢ ᠥᠬᠢᠨ ᠳᠡᠭᠦᠦ᠎ᠨᠠᠷ ᠵᠢᠡᠨ ᠳᠠᠭᠠᠭᠤᠯᠤᠨ ᠭᠠᠳᠠᠭᠰᠢ ᠭᠠᠷᠴᠤ᠌ ᠭᠠᠷ ᠤᠷᠠᠯᠠᠯ ᠰᠤᠷᠴᠤ᠌᠂ ᠬᠠᠷᠢᠵᠤ ᠢᠷᠡᠭᠰᠡᠨ᠎ᠤ ᠪᠡᠨ ᠲᠠᠷᠠᠭ᠎ᠠ ᠪᠠᠰᠠ ᠭᠤᠷᠪᠠ ᠳᠥᠷᠪᠡᠨ ᠲᠠᠯᠠᠪᠤᠷ ᠪᠣᠯᠪᠠᠰᠤᠷᠠᠯ ᠦᠷᠨᠢᠭᠦᠯᠵᠤ ᠭᠠᠴᠠᠭᠠᠨ᠎ᠤ ᠡᠮᠡᠭᠳᠡᠢᠴᠦᠳ᠎ᠢ ᠲᠠᠢᠴᠢᠯᠠᠵᠠᠢ᠃ ᠤᠳᠤ ᠤᠢᠷ᠎ᠠ ᠬᠠᠪᠢ ᠵᠢᠨ130 ᠭᠠᠷᠤᠶ ᠡᠭᠡᠴᠢ ᠳᠡᠭᠦᠦ᠎ᠨᠠᠷ᠎ᠤᠨ ᠳᠣᠲᠣᠷ᠎ᠠ 60 ᠭᠠᠷᠤᠶ ᠬᠥᠮᠦᠨ᠎ᠨᠢ ᠨᠢᠭᠡᠨᠲᠡ ᠦᠪᠡᠷ ᠵᠢᠡᠨ ᠪᠦᠲᠦᠭᠡᠯ ᠭᠠᠷᠭᠠᠵᠤ ᠴᠢᠳᠠᠬᠤ ᠪᠤᠯᠵᠤ᠂ ᠬᠥᠮᠦᠨ ᠪᠦᠷᠢ ᠰᠠᠷ᠎ᠠ ᠳᠤᠮᠳᠠᠴᠢ᠎ᠪᠠᠷ 70 — 100 ᠲᠥᠭᠥᠷᠢᠭ᠎ᠦᠨ ᠣᠷᠣᠯᠭ᠎ᠠ ᠨᠡᠮᠡᠭᠳᠡᠪᠡ》 ᠬᠡᠵᠦ ᠵᠠᠩ ᠯᠢ ᠯᠢ ᠰᠤᠷᠪᠤᠯᠵᠢᠯᠠᠬᠴᠢ ᠳ᠋ᠦ ᠲᠠᠨᠢᠯᠴᠠᠭᠤᠯᠪᠠ᠃
ᠮᠦᠨ ᠲᠣᠰ ᠵᠢᠯ᠎ᠳᠦ ᠵᠠᠩ ᠯᠢ ᠯᠢ ᠵᠠᠷᠤᠳ ᠬᠣᠰᠢᠭᠤᠨ᠎ᠤ ᠯᠢ ᠵᠢᠶᠧ ᠲᠠᠷᠢᠮᠠᠯ᠎ᠤᠨ ᠬᠤᠷᠰᠢᠶ᠎ᠠ ᠵᠢ ᠡᠬᠦᠰᠭᠡᠨ ᠪᠠᠶ᠋ᠢᠭᠤᠯᠵᠤ᠂ ᠳᠤᠰᠤᠯᠭᠠᠨ ᠤᠰᠤᠯᠠᠵᠤ ᠥᠨᠳᠥᠷ ᠨᠢᠭᠲᠠᠴᠠ᠎ᠲᠠᠶ ᠳᠠᠷᠢᠬᠤ᠂ ᠪᠣᠬᠢᠷᠲᠤᠯ ᠥᠬᠡᠶ ᠠᠮᠢᠳᠤ ᠪᠣᠳᠠᠰ᠎ᠤᠨ ᠡᠮᠵᠢᠡᠷ ᠲᠠᠷᠢᠮᠠᠯ᠎ᠤᠨ ᠡᠪᠡᠳᠴᠢᠨ ᠬᠣᠷᠣᠬᠠᠶ᠎ᠶᠢᠨ ᠬᠥᠨᠥᠭᠡᠯ᠎ᠢ ᠰᠡᠷᠭᠡᠶ᠋ᠢᠯᠡᠨ ᠵᠠᠰᠠᠬᠤ᠂ ᠵᠢᠯᠣᠭᠣᠴᠢ ᠥᠬᠡᠶ ᠨᠢᠰᠭᠡᠯ ᠵᠢᠡᠷ ᠣᠷᠭᠠᠨᠢᠭ ᠤᠷᠭᠤᠮᠠᠯ᠎ᠢ ᠬᠠᠮᠠᠭᠠᠯᠠᠬᠤ ᠵᠡᠷᠭᠡ ᠣᠲᠣ ᠦᠶ᠎ᠡ᠎ᠶᠢᠨ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠵᠦ᠍᠂ ᠭᠠᠵᠠᠷ ᠰᠢᠷᠣᠶ᠎ᠶᠢ ᠪᠥᠬᠥ᠌ ᠶᠠᠪᠤᠴᠠ᠎ᠳᠤ ᠨᠠᠶ᠋ᠢᠳᠠᠨ ᠬᠠᠮᠢᠶᠠᠷᠤᠭᠤᠯᠬᠤ᠂ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ᠎ᠶᠢ ᠨᠢᠭᠡ ᠴᠤᠭᠴᠠᠵᠢᠭᠤᠯᠪᠡ᠃ ᠲᠡᠭᠦᠨ᠎ᠦ ᠡᠵᠡᠩᠨᠡᠯᠲᠡ ᠳᠣᠣᠷ᠎ᠠ ᠬᠤᠷᠰᠢᠶ᠎ᠠ ᠵᠢᠨ ᠬᠢᠨ ᠠᠩᠬ᠎ᠠ ᠡᠬᠢᠨ᠎ᠦ 5 ᠭᠡᠰᠢᠭᠦᠨ᠎ᠡᠴᠡ ᠤᠳ᠋ᠤ 70 ᠭᠠᠷᠤᠢ ᠡᠷᠦᠬᠡ᠋ ᠪᠣᠯᠤᠨ ᠪᠤᠵᠠᠭᠠᠶ᠋ᠢᠷᠠᠵᠦ᠂ ᠡᠷᠳᠡᠨᠢ ᠰᠢᠰᠢ᠎ᠶᠢᠨ ᠮᠦ᠍ ᠪᠦᠷᠢ᠎ᠶᠢᠨ ᠤᠨᠠᠯᠲᠠ᠎ᠶᠢ ᠳᠤᠮᠳᠠᠴᠢ᠎ᠪᠠᠷ 300 ᠵᠢᠩ ᠨᠡᠮᠡᠭᠳᠡᠭᠦᠯᠵᠦ᠍᠂ ᠲᠠᠷᠢᠶᠠᠴᠢᠨ᠎ᠤ ᠵᠢᠯ᠎ᠤᠨ ᠣᠷᠣᠯᠭ᠎ᠠ᠎ᠶᠢ 300 ᠲᠥᠭᠥᠷᠢᠭ ᠨᠡᠮᠡᠭᠳᠡᠭᠦᠯᠦᠨ 《ᠪᠦᠬᠦ᠌ ᠣᠷᠣᠨ᠎ᠤ ᠠᠮᠤ ᠪᠤᠳᠠᠭᠠᠨ᠎ᠤ ᠦᠢᠯᠡᠳᠪᠦᠷᠢᠯᠡᠯ᠎ᠦᠨ ᠲᠡᠷᠢᠭᠦᠨ᠎ᠦ ᠬᠤᠪᠢ ᠬᠥᠮᠦᠨ》 ᠵᠢᠡᠷ ᠦᠨᠡᠯᠡᠭᠳᠡᠭᠰᠡᠨ ᠪᠥᠭᠡᠳ 《ᠯᠢ ᠵᠢᠶ᠍ᠸ ᠹᠦ᠋ ᠳ᠋ᠡ》 ᠲᠠᠸᠠᠷ᠎ᠤᠨ ᠳᠡᠮᠳᠡᠭ᠎ᠢ ᠳᠠᠩᠰᠠᠯᠠᠭᠤᠯᠪᠠ᠃
ᠬᠤᠷᠰᠢᠶ᠎ᠠ᠎ᠳᠤ ᠤᠷᠤᠭᠠᠳ 9 ᠵᠢᠯ ᠪᠤᠯᠵᠤ ᠪᠤᠢ ᠭᠠᠴᠠᠭ᠎ᠠ ᠵᠢᠨ ᠠᠷᠠᠳ ᠸᠠᠩ ᠬᠦᠢ ᠶᠢᠩ ᠬᠤᠷᠰᠢᠶ᠎ᠠ ᠵᠢᠨ ᠬᠥᠭᠵᠢᠯᠲᠡ ᠬᠤᠪᠢᠷᠠᠯᠳᠠ᠎ᠶᠢ ᠪᠡᠶ᠎ᠡ᠎ᠪᠡᠷ᠎ᠢᠶᠡᠨ ᠦᠩᠭᠡᠷᠡᠭᠡᠵᠦ ᠢᠷᠡᠭᠰᠡᠨ ᠶᠤᠮ᠃ ᠲᠡᠷᠡ᠄ 《ᠥᠩᠭᠡᠷᠡᠭᠰᠡᠨ᠎ᠳᠦ ᠥᠪᠡᠷ᠎ᠢᠶᠡᠨ ᠲᠠᠷᠢᠶ᠎ᠠ ᠲᠠᠷᠢᠬᠤ᠎ᠳᠤ ᠨᠡᠯᠢᠶᠡᠳ ᠶᠡᠭᠡ ᠴᠠᠭ ᠬᠦᠴᠦ᠍ ᠵᠠᠷᠤᠴᠠᠭᠤᠯᠵᠤ᠂ ᠤᠨᠠᠯᠲᠠ ᠵᠢ ᠴᠤ᠌ ᠳᠡᠭᠡᠭᠰᠢᠯᠡᠬᠦᠯᠵᠦ᠍ ᠳᠡᠶ᠋ᠢᠯᠬᠦ᠌ ᠦᠭᠡᠢ ᠪᠠᠶ᠋ᠢᠵᠠᠢ᠃ ᠤᠳᠤ ᠬᠤᠷᠰᠢᠶ᠎ᠠ ᠡᠴᠡ ᠣᠷᠣᠯᠠᠨ ᠲᠠᠷᠢᠬᠤ ᠪᠤᠯᠵᠤ᠂ ᠵᠢᠯ ᠪᠦᠷᠢ ᠴᠥᠮ ᠠᠰᠢᠭ ᠣᠷᠣᠯᠭ᠎ᠠ ᠬᠤᠪᠢᠶᠠᠨ᠂ 1 ᠮᠦ᠍ ᠲᠠᠷᠢᠶᠠᠨ᠎ᠡᠴᠡ ᠢᠯᠡᠭᠦᠦ 300 — 500 ᠲᠥᠭᠥᠷᠢᠭ ᠬᠤᠪᠢᠶᠠᠨ ᠥᠭᠴᠦ᠍ ᠪᠠᠢᠨ᠎ᠠ᠂ ᠪᠢ ᠬᠤᠷᠰᠢᠶ᠎ᠠ ᠳ᠋ᠤ ᠠᠵᠢᠯᠯᠠᠵᠤ ᠪᠠᠰᠠ ᠨᠢᠭᠡ ᠬᠤᠪᠢ ᠣᠷᠣᠯᠭ᠎ᠠ ᠤᠯᠬᠤ ᠪᠤᠯᠵᠠᠢ》 ᠬᠡᠪᠡ᠃
ᠵᠠᠩ ᠯᠢ ᠯᠢ ᠵᠢᠨ ᠲᠠᠨᠢᠯᠴᠠᠭᠤᠯᠤᠭᠰᠠᠨ ᠵᠢᠡᠷ᠂ ᠬᠤᠷᠰᠢᠶ᠎ᠠ᠎ᠨᠢ 《ᠨᠠᠮ᠎ᠤᠨ ᠭᠡᠰᠢᠭᠦᠨ + ᠬᠣᠷᠰᠢᠶ᠎ᠠ + ᠵᠡᠮᠳᠡᠭᠴᠦᠳ + ᠶᠠᠳᠠᠭᠤ᠎ᠠᠴᠠ ᠠᠩᠭᠢᠵᠢᠷᠠᠭᠰᠠᠨ ᠡᠷᠦᠬᠡ + ᠡᠯᠧᠺᠲ᠋ᠷᠣᠨ ᠬᠤᠳᠠᠯᠳᠤᠭ᠎ᠠ》 ᠵᠢ ᠠᠭᠤᠰᠤᠯᠴᠠᠭᠤᠯᠤᠨ ᠬᠥᠭᠵᠢᠭᠦᠯᠬᠦ᠌ ᠵᠠᠭᠪᠤᠷ᠎ᠢ ᠡᠭᠦᠳᠴᠦ᠍᠂ ᠭᠠᠵᠠᠷ ᠰᠢᠷᠣᠶ᠂ ᠲᠠᠷᠢᠶᠠᠯᠠᠩ᠎ᠤᠨ ᠮᠠᠰᠢᠨ᠂ ᠮᠡᠷᠭᠡᠵᠢᠯ᠎ᠦᠨ ᠡᠬᠢ ᠪᠠᠶᠠᠯᠢᠭ᠎ᠢ ᠨᠡᠢᠳᠭᠡᠨ᠂ ᠳᠠᠷᠢᠵᠤ ᠲᠡᠵᠢᠭᠡᠬᠦ᠌᠂ ᠡᠳ᠋ᠰᠢᠭᠦᠯᠦᠨ ᠪᠤᠯᠪᠠᠰᠤᠷᠠᠭᠤᠯᠬᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠳ᠋ᠦ ᠪᠣᠷᠣᠯᠠᠭᠤᠯᠬᠤ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠪᠠᠶ᠋ᠢᠭᠤᠯᠵᠤ᠂ ᠭᠠᠴᠠᠭ᠎ᠠ ᠵᠢᠨ 100 ᠭᠠᠷᠤᠶ ᠰᠤᠯᠠ ᠬᠥᠳᠡᠯᠮᠦᠷᠢ ᠬᠦᠴᠦᠨ᠎ᠢ ᠳᠠᠶ᠋ᠢᠴᠢᠯᠠᠨ ᠲᠤᠬᠠᠶ᠎ᠶᠢᠨ ᠭᠠᠵᠠᠷ᠎ᠲᠠᠭᠠᠨ ᠲᠣᠭᠲᠠᠭᠤᠨ᠎ᠢᠶᠠᠷ ᠠᠵᠢᠯ ᠣᠯᠭᠣᠪᠠ᠃ 《ᠲᠤᠬᠠᠶ᠎ᠶᠢᠨ ᠦᠶ᠎ᠡ᠎ᠳᠦ ᠨᠤᠲᠤᠭ᠎ᠤᠨ ᠠᠬ᠎ᠠ ᠳᠡᠭᠦᠦ᠎ᠨᠡᠷ ᠲᠠᠷᠠᠬᠠᠶ ᠪᠤᠲᠠᠷᠬᠠᠶ ᠳᠠᠷᠢᠵᠤ᠂ ᠠᠰᠢᠭ ᠣᠷᠣᠯᠭ᠎ᠠ ᠨᠢ ᠳᠤᠤᠷ᠎ᠠ ᠪᠠᠢᠵᠠᠢ᠃ ᠬᠦᠴᠢᠷᠳᠡᠯᠲᠡᠶ ᠣᠯᠠᠨ ᠲᠦᠮᠡᠨ᠎ᠳᠦ ᠠᠷᠭ᠎ᠠ ᠵᠠᠮ ᠳᠤᠲᠠᠭᠳᠠᠵᠤ ᠪᠠᠶ᠋ᠢᠬᠤ᠎ᠶᠢ ᠣᠯᠵᠤ ᠬᠠᠷᠠᠭᠠᠳ ᠪᠢ ᠲᠤᠰ ᠬᠤᠷᠰᠢᠶ᠎ᠠ ᠵᠢ ᠪᠠᠶ᠋ᠢᠭᠤᠯᠬᠤ ᠪᠡᠷ ᠰᠢᠢᠳᠦᠭᠰᠡᠨ ᠶᠤᠮ᠃ ᠪᠢᠳᠡ ᠨᠠᠮ᠎ᠤᠨ ᠭᠡᠰᠢᠭᠦᠨ᠂ ᠲᠠᠷᠢᠶᠠᠴᠢᠨ ᠡᠷᠦᠬᠡ᠂ ᠵᠡᠮᠳᠡᠭᠴᠦᠳ᠎ᠢ ᠬᠤᠯᠪᠤᠵᠤ᠂ ᠭᠠᠵᠠᠷ ᠰᠢᠷᠣᠢ᠎ᠪᠠᠷ ᠬᠤᠪᠢ ᠣᠷᠣᠬᠤ᠂ ᠬᠦᠳᠡᠯᠮᠦᠷᠢ ᠬᠦᠴᠦ᠎ᠪᠠᠷ ᠬᠤᠷᠰᠢᠶ᠎ᠠ᠎ᠳᠤ ᠣᠷᠣᠬᠤ ᠠᠷᠭ᠎ᠠ ᠵᠢ ᠬᠡᠷᠡᠭᠵᠢᠭᠦᠯᠦᠭᠰᠡᠨ ᠵᠢᠡᠷ ᠲᠠᠷᠢᠶᠠᠯᠠᠩ᠎ᠤᠨ ᠮᠠᠰᠢᠨ᠎ᠢ ᠬᠠᠮᠲᠤ᠎ᠪᠠᠷ ᠡᠳ᠋ᠯᠡᠬᠦ᠌᠂ ᠰᠢᠨ᠎ᠡ ᠮᠡᠷᠭᠡᠵᠢᠯ᠎ᠢ ᠳᠡᠯᠭᠡᠷᠡᠭᠦᠯᠬᠦ᠌᠎ᠶᠢ ᠪᠡᠶᠡᠯᠡᠭᠦᠯᠵᠦ᠍᠂ ᠭᠠᠵᠠᠷ ᠰᠢᠷᠣᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠍᠂ ᠤᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠵᠦ ᠴᠢᠳᠠᠪᠠ᠂ ᠡᠨᠡ ᠪᠣᠯ ᠮᠦᠨ ᠴᠸ᠋ ᠦᠨᠳᠦᠰᠦᠨ ᠱᠠᠲᠤᠨ᠎ᠤ ᠨᠠᠮ᠎ᠤᠨ ᠠᠵᠢᠯᠳᠠᠨ ᠪᠣᠯᠤᠭᠰᠠᠨ᠎ᠤ ᠬᠤᠪᠢ᠎ᠳᠤ ᠮᠢᠨᠤ ᠬᠠᠮᠤᠭ᠎ᠠᠴᠠ ᠢᠯᠡᠭᠦᠦ ᠰᠠᠨᠠᠭᠠᠰᠢᠷᠠᠳᠠᠬ ᠶᠠᠪᠤᠳᠠᠯ ᠪᠣᠯᠤᠨ᠎ᠠ》 ᠬᠡᠵᠦ ᠵᠠᠩ ᠯᠢ ᠯᠢ ᠪᠠᠶᠠᠷᠳᠠᠢᠬᠠᠨ ᠬᠡᠯᠡᠨ᠎ᠡ ᠃
ᠨᠠᠮ᠎ᠤᠨ ᠠᠵᠢᠯ᠂ ᠭᠠᠴᠠᠭᠠᠨ᠎ᠤ ᠠᠵᠤ ᠦᠢᠯᠡᠰ᠂ ᠠᠷᠠᠳ᠎ᠤᠨ ᠠᠮᠢᠳᠤᠷᠠᠯ ᠁ ᠵᠠᠩ ᠯᠢ ᠯᠢ ᠤᠯᠠᠨ ᠬᠦᠨᠳᠦ ᠡᠭᠦᠷᠭᠡ᠎ᠶᠢ ᠬᠠᠪᠰᠤᠷᠭᠠᠨ ᠡᠬᠦᠷᠭᠡᠯᠡᠵᠦ᠂ ᠲᠡᠭᠦᠨ᠎ᠦ ᠳᠠᠭᠠᠭᠤᠯᠭ᠎ᠠ ᠳᠤᠤᠷ᠎ᠠ ᠬᠤᠸᠠ ᠵᠢᠶᠧ ᠭᠠᠴᠠᠭᠠᠨ᠎ᠤ ᠦᠨᠳᠦᠰᠦᠨ ᠱᠠᠲᠤᠨ᠎ᠤ ᠵᠠᠰᠠᠯᠲᠠ᠎ᠶᠢᠨ ᠲᠦᠪᠰᠢᠨ᠂ ᠠᠵᠤ ᠦᠢᠯᠡᠰ᠎ᠦᠨ ᠶᠠᠰᠤ ᠴᠢᠨᠠᠷ᠂ ᠣᠯᠠᠨ ᠲᠦᠮᠡᠨ᠎ᠦ ᠵᠣᠯ ᠵᠢᠷᠭᠠᠯ᠎ᠤᠨ ᠵᠢᠭᠠᠯᠲᠠ ᠲᠣᠭ᠎ᠠ ᠦᠷᠭᠦᠯᠵᠢᠯᠡᠨ ᠳᠡᠭᠡᠭᠰᠢᠯᠡᠵᠦ᠍᠂ ᠨᠠᠮ᠎ᠤᠨ ᠪᠠᠶ᠋ᠢᠭᠤᠯᠤᠯᠲᠠ ᠵᠢ ᠴᠢᠩᠭᠠᠳᠬᠠᠵᠤ᠂ ᠠᠵᠤ ᠦᠢᠯᠡᠰ ᠬᠥᠭᠵᠢᠭᠰᠡᠨ᠂ ᠣᠯᠠᠨ ᠲᠦᠮᠡᠨ ᠪᠠᠶᠠᠵᠢᠭᠰᠠᠨ᠂ ᠠᠷᠠᠳ᠎ᠤᠨ ᠰᠤᠷᠲᠠᠯ ᠰᠠᠢᠵᠢᠷᠠᠭᠰᠠᠨ ᠰᠢᠨ᠎ᠡ ᠪᠠᠶ᠋ᠢᠳᠠᠯ ᠢᠯᠡᠷᠡᠪᠡ᠃ 《ᠵᠠᠯᠭᠠᠭᠠᠳ ᠪᠢ ᠨᠡᠬᠡᠮᠡᠯ᠎ᠦᠨ ᠠᠵᠤ ᠦᠢᠯᠡᠰ᠎ᠢ ᠦᠷᠬᠦᠯᠵᠢᠯᠡᠨ ᠪᠤᠵᠠᠭᠠᠶ᠋ᠢᠷᠠᠭᠤᠯᠵᠤ ᠡᠮᠡᠭᠲᠡᠶ᠋ᠢᠴᠦᠳ᠎ᠦᠨ ᠣᠷᠣᠯᠭ᠎ᠠ᠎ᠶᠢ ᠨᠡᠮᠡᠭᠳᠡᠭᠦᠯᠬᠦ᠌ ᠠᠷᠭ᠎ᠠ ᠵᠠᠮ᠎ᠢ ᠥᠷᠭᠡᠳᠬᠡᠬᠦ ᠵᠢᠨ ᠬᠠᠮᠳᠤ ᠣᠲᠣ ᠦᠶ᠎ᠡ᠎ᠶᠢᠨ ᠲᠠᠷᠢᠶᠠᠯᠠᠩ᠎ᠤᠨ ᠰᠢᠨ᠎ᠡ ᠮᠡᠷᠭᠡᠵᠢᠯ᠎ᠢ ᠳᠡᠯᠭᠡᠷᠡᠭᠦᠯᠵᠦ᠍᠂ ᠨᠡᠶ᠋ᠢᠭᠡᠮᠴᠢᠯᠡᠭᠰᠡᠨ ᠦᠢᠯᠡᠴᠢᠯᠡᠭᠡ᠎ᠶᠢ ᠰᠢᠯᠢᠳᠡᠭᠵᠢᠭᠦᠯᠵᠦ᠍᠂ ᠭᠠᠵᠠᠷ᠎ᠰᠢᠷᠤᠢ ᠵᠢ ᠬᠠᠮᠠᠭᠠᠯᠠᠬᠤ ᠴᠢᠨᠠᠷᠲᠠᠶ ᠲᠠᠷᠢᠶᠠᠯᠠᠩ᠎ᠢ ᠠᠬᠢᠭᠤᠯᠵᠤ᠂ ᠨᠠᠩ ᠣᠯᠠᠨ ᠮᠠᠯᠴᠢᠨ ᠲᠠᠷᠢᠶᠠᠴᠢᠨ᠎ᠢ ᠳᠠᠶ᠋ᠢᠴᠢᠯᠠᠨ ᠬᠠᠮᠲᠤ᠎ᠪᠠᠷ ᠪᠠᠶᠠᠵᠢᠨ᠎ᠠ᠂ ᠡᠭᠦᠨ᠎ᠦ ᠬᠠᠮᠲᠤ᠌ ᠪᠣᠯᠭᠣᠭᠠᠨ ᠲᠣᠬᠣᠨᠢᠭᠤᠯᠬᠤ ᠠᠵᠢᠯᠯᠠᠭ᠎ᠠ ᠵᠢ ᠪᠠᠢᠩᠭᠤ ᠦᠷᠨᠢᠬᠦᠯᠵᠦ᠂ ᠨᠠᠰᠤᠲᠠᠨ᠂ ᠬᠦᠴᠢᠷᠳᠡᠯᠲᠡᠶ ᠣᠯᠠᠨ ᠲᠦᠮᠡᠨ ᠪᠣᠯᠤᠨ ᠵᠡᠮᠳᠡᠭᠴᠦᠳ᠎ᠢ ᠦᠷᠭᠦᠯᠵᠢᠯᠡᠨ ᠬᠠᠪᠰᠤᠷᠤᠨ ᠲᠡᠳᠬᠦᠵᠦ᠍᠂ ᠣᠯᠠᠨ ᠲᠦᠮᠡᠨ᠎ᠦ ᠳᠡᠷᠭᠡᠳᠡᠬᠢ ᠵᠢᠵᠢᠭ ᠰᠠᠵᠢᠬ ᠶᠠᠪᠤᠳᠠᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠬᠥᠳᠡᠭᠡ ᠲᠣᠰᠬᠣᠨ᠎ᠢ ᠪᠥᠬᠥ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ》 ᠬᠡᠵᠦ ᠵᠠᠩ ᠯᠢ ᠯᠢ ᠡᠷᠡᠰ ᠰᠢᠭᠤᠷᠬᠠᠢ ᠬᠡᠯᠡᠪᠡ᠃