ᠤᠮᠠᠷᠠᠲᠤ᠎ᠶᠢᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠳᠡᠳ᠋ ᠶᠡᠷᠦᠩᠬᠡᠶ ᠢᠨᠵᠧᠨᠧᠷ ᠴᠧᠨ ᠶᠠᠩ 《ᠴᠧᠨ ᠵᠢᠶᠠ ᠭᠸᠩ᠎ᠤᠨ ᠰᠢᠨᠵᠢᠯᠡᠬᠦ᠌ ᠤᠬᠠᠭᠠᠨ᠎ᠤ ᠱᠠᠩᠨᠠᠯ》 ᠢ᠋ ᠭᠥᠷᠳᠡᠪᠡ
2026-08-03 15:44:02
ᠵᠣᠬᠢᠶᠠᠭ᠍ᠴᠢ᠄
ᠸ • ᠭᠡᠷᠡᠯᠳᠤ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ ᠬᠣᠶᠠᠷ ᠬᠦᠷᠢᠶᠡᠯᠡᠩ᠎ᠦᠨ ᠠᠺᠠᠳᠧᠮᠢᠴᠢ᠎ᠶᠢᠨ ᠶᠡᠬᠡ ᠬᠤᠷᠠᠯ᠎ᠤᠨ ᠬᠣᠶᠠᠳᠤᠭᠠᠷ ᠪᠥᠬᠥᠳᠡ ᠬᠤᠷᠠᠯ ᠪᠡᠭᠡᠵᠢᠩ᠎ᠳᠦ ᠬᠤᠷᠠᠯᠳᠤᠪᠠ᠃ ᠲᠤᠬᠠᠶ᠎ᠶᠢᠨ ᠲᠠᠯᠠᠪᠠᠶ᠎ᠳᠤ 2026 ᠣᠨ᠎ᠤ ᠴᠧᠨ ᠵᠢᠶᠠ ᠭᠧᠩ ᠰᠢᠨᠵᠢᠯᠡᠬᠦ᠌ ᠤᠬᠠᠭᠠᠨ᠎ᠤ ᠱᠠᠩᠨᠠᠯ᠂ ᠴᠧᠨ ᠵᠢᠶᠠ ᠭᠧᠩ ᠵᠠᠯᠠᠭᠤᠴᠤᠳ᠎ᠤᠨ ᠰᠢᠨᠵᠢᠯᠡᠬᠦ᠌ ᠤᠬᠠᠭᠠᠨ᠎ᠤ ᠱᠠᠩᠨᠠᠯ᠂ ᠭᠤᠸᠠᠩ ᠬᠤᠸᠠ ᠢᠨᠵᠧᠨᠧᠷᠢᠩ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠢ ᠲᠥᠪᠯᠡᠷᠡᠭᠦᠯᠦᠨ ᠭᠠᠷᠳᠠᠭᠤᠯᠵᠠᠢ᠃ ᠤᠮᠠᠷᠠᠲᠤ᠎ᠶᠢᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠳᠡᠳ᠋ ᠶᠡᠷᠦᠩᠬᠡᠶ ᠢᠨᠵᠧᠨᠧᠷ ᠴᠧᠨ ᠶᠠᠩ ᠬᠣᠰᠢᠭᠤᠷᠠᠯ ᠰᠠᠭᠤᠷᠢ ᠰᠤᠳᠤᠯᠭᠠᠨ᠎ᠤ ᠦᠷ᠎ᠡ ᠪᠦᠲᠦᠭᠡᠯ 《ᠠᠭᠠᠷ ᠰᠠᠨᠰᠠᠷ᠎ᠤᠨ ᠬᠥᠳᠡᠯᠭᠡᠬᠦ᠌ ᠬᠦᠴᠦᠨ᠎ᠦ ᠬᠥᠩᠭᠡᠨ ᠴᠢᠨᠠᠷ᠎ᠤᠨ ᠬᠠᠯᠠᠭᠤᠨ᠎ᠳᠤ ᠳᠠᠭᠠᠭᠠᠮᠠᠭᠠᠢ TiAl ᠲᠠᠩ ᠲᠠᠯᠠᠰᠲᠤ᠎ᠶᠢᠨ ᠣᠭ ᠶᠣᠰᠣ᠂ ᠮᠡᠷᠭᠡᠵᠢᠯ ᠬᠢᠭᠡᠳ ᠬᠡᠷᠡᠭᠯᠡᠯᠲᠡ》 ᠪᠠᠷ᠎ᠢᠶᠡᠨ 2026 ᠣᠨ᠎ᠤ 《ᠴᠧᠨ ᠵᠢᠶᠠ ᠭᠧᠩ᠎ᠤᠨ ᠰᠢᠨᠵᠢᠯᠡᠬᠦ᠌ ᠤᠬᠠᠭᠠᠨ ᠤ᠋ ᠱᠠᠩᠨᠠᠯ》᠎ᠢ ᠭᠥᠷᠳᠡᠭᠰᠡᠨ ᠪᠠᠢᠨ᠎ᠠ᠃

《ᠠᠭᠠᠷ ᠰᠠᠨᠰᠠᠷ᠎ᠤᠨ ᠬᠥᠳᠡᠯᠭᠡᠬᠦ᠌ ᠬᠦᠴᠦᠨ᠎ᠦ ᠬᠥᠩᠭᠡᠨ ᠴᠢᠨᠠᠷ᠎ᠤᠨ ᠬᠠᠯᠠᠭᠤᠨ᠎ᠳ᠋ᠤ ᠳᠠᠭᠠᠭᠠᠮᠠᠭᠠᠢ TiAl ᠲᠠᠩ ᠲᠠᠯᠠᠰᠲᠤ᠎ᠶᠢᠨ ᠣᠭ ᠶᠣᠰᠣ᠂ ᠮᠡᠷᠭᠡᠵᠢᠯ ᠬᠢᠭᠡᠳ ᠬᠡᠷᠡᠭᠯᠡᠯᠲᠡ》 ᠵᠢᠨ ᠲᠥᠷᠥᠯ ᠵᠦᠢᠯ᠎ᠨᠢ ᠮᠠᠨ᠎ᠤ ᠤᠯᠤᠰ᠎ᠤᠨ ᠠᠭᠠᠷ ᠰᠠᠨᠰᠠᠷ ᠎ᠤᠨ ᠬᠥᠳᠡᠯᠭᠡᠬᠦ᠌ ᠬᠦᠴᠦᠨ᠎ᠦ ᠲᠣᠨᠣᠭᠯᠠᠯ᠎ᠤᠨ 《 ᠪᠣᠭᠣᠮᠢ 》 ᠶ᠋ᠢᠨ ᠮᠠᠲ᠋ᠧᠷᠢᠶᠠᠯ᠎ᠤᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠡᠷᠭᠡᠴᠡᠭᠡ ᠢᠯᠲᠠᠰᠤ᠎ᠶᠢᠨ ᠳᠠᠪᠬᠤᠷᠭ᠎ᠠ᠎ᠶᠢᠨ TiAl ᠲᠠᠩ ᠲᠠᠯᠠᠰᠲᠤ᠎ᠶᠢᠨ ᠪᠦᠷᠢᠯᠳᠦᠯ᠎ᠦᠨ ᠣᠭ ᠶᠣᠰᠣ᠎ᠶᠢ ᠢᠯᠡᠷᠡᠭᠦᠯᠵᠦ᠍᠂ ᠲᠡᠭᠦᠨ᠎ᠦ ᠥᠰᠥᠯᠲᠡ᠎ᠶᠢᠨ ᠮᠡᠷᠭᠡᠵᠢᠯ᠎ᠢ ᠡᠭᠦᠳᠴᠦ᠍᠂ TiAI ᠬᠠᠶ᠋ᠢᠯᠤᠰᠢ᠎ᠶᠢᠨ ᠲᠠᠰᠤᠭ᠎ᠤᠨ ᠳᠤᠯᠠᠭᠠᠨ ᠬᠡᠪᠡᠷᠡᠭ ᠴᠢᠨᠠᠷ ᠶᠡᠬᠡ᠂ ᠣᠷᠳᠣ ᠬᠤᠭᠤᠴᠠᠭ᠎ᠠ ᠪᠡᠷ ᠠᠵᠢᠯᠯᠠᠬᠤ ᠳᠤᠯᠠᠭᠠᠨ᠎ᠤ ᠬᠡᠮᠵᠢᠶ᠎ᠡ ᠳᠤᠤᠷ᠎ᠠ ᠪᠠᠶ᠋ᠢᠬᠤ ᠬᠣᠶᠠᠷ ᠶᠡᠬᠡ ᠣᠷᠳᠣ ᠬᠤᠭᠤᠴᠠᠭᠠᠨ᠎ᠤ ᠲᠤᠷᠰᠢ ᠰᠢᠪᠲᠤᠯᠵᠤ ᠳᠡᠶ᠋ᠢᠯᠦᠭᠡᠳᠦᠶ ᠣᠯᠠᠨ ᠤᠯᠤᠰ᠎ᠤᠨ ᠨᠡᠢᠳᠡᠮ ᠮᠡᠳᠡᠷᠡᠭᠰᠡᠨ ᠬᠦᠴᠢᠷ ᠠᠰᠠᠭᠤᠳᠠᠯ᠎ᠢ ᠠᠮᠵᠢᠯᠲᠠ ᠲᠠᠶ ᠰᠢᠶ᠋ᠳᠪᠦᠷᠢᠯᠡᠵᠦ᠍᠂ ᠳᠠᠭᠠᠵᠤ ᠭᠦᠶᠦᠬᠦ᠌᠎ᠶᠢ ᠳᠠᠭᠠᠭᠤᠯᠤᠨ ᠭᠦᠶᠦᠬᠦ᠌ ᠪᠣᠯᠭᠠᠨ ᠬᠤᠪᠢᠷᠠᠭᠤᠯᠤᠭᠰᠠᠨ ᠪᠠᠶ᠋ᠢᠨ᠎ᠠ᠃

ᠴᠧᠨ ᠶᠠᠩ᠂ ᠤᠮᠠᠷᠠᠲᠤ᠎ᠶᠢᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠳᠡᠳ᠋ ᠶᠡᠷᠦᠩᠬᠡᠶ ᠢᠨᠵᠧᠨᠧᠷ᠂ ᠨᠠᠨᠵᠢᠩ᠎ᠤᠨ ᠪᠠᠶ᠋ᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠫᠷᠤᠹᠧᠰᠰᠤᠷ᠂ ᠳ᠋ᠣᠺᠲ᠋ᠣᠷᠠᠨᠲ᠎ᠤᠨ ᠵᠢᠯᠣᠭᠣᠳᠣᠭᠴᠢ ᠪᠠᠭᠰᠢ᠂ ᠥᠨᠳᠥᠷ ᠬᠠᠯᠠᠭᠤᠨ ᠬᠥᠩᠭᠡᠨ ᠬᠠᠶ᠋ᠢᠯᠤᠰᠢ ᠵᠢᠴᠢ ᠬᠡᠷᠡᠭᠯᠡᠭᠡᠨ᠎ᠦ ᠮᠡᠷᠭᠡᠵᠢᠯ᠎ᠦᠨ ᠪᠦᠬᠦ᠌ ᠤᠯᠤᠰ᠎ᠤᠨ ᠭᠤᠤᠯᠳᠠᠯᠭ᠎ᠠ᠎ᠲᠠᠶ ᠲᠤᠷᠰᠢᠯᠲᠠ᠎ᠶᠢᠨ ᠲᠠᠰᠤᠭ᠎ᠤᠨ ᠳᠡᠳ᠋ ᠡᠷᠬᠢᠯᠡᠭᠴᠢ᠂ ᠳᠤᠮᠳᠠᠳᠤ ᠤᠯᠤᠰ᠎ᠤᠨ ᠥᠩᠭᠡᠲᠦ᠍ ᠲᠡᠮᠦᠷᠯᠢᠭ᠎ᠦᠨ ᠰᠢᠨᠵᠢᠯᠡᠭᠡᠨ᠎ᠦ ᠨᠡᠶ᠋ᠢᠭᠡᠮᠯᠢᠭ᠎ᠦᠨ ᠬᠥᠩᠭᠡᠨ ᠬᠠᠶ᠋ᠢᠯᠤᠰᠢ᠎ᠶᠢᠨ ᠮᠠᠲ᠋ᠧᠷᠢᠶᠠᠯ᠎ᠤᠨ ᠲᠤᠰᠬᠠᠶ ᠮᠡᠷᠭᠡᠵᠢᠯ᠎ᠦᠨ ᠵᠥᠪᠯᠡᠯ᠎ᠦᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠳᠤᠮᠳᠠᠳᠤ ᠤᠯᠤᠰ᠎ᠤᠨ ᠮᠠᠲ᠋ᠧᠷᠢᠶᠠᠯ᠎ᠤᠨ ᠰᠤᠳᠤᠯᠭᠠᠨ᠎ᠤ ᠨᠡᠶ᠋ᠢᠭᠡᠮᠯᠢᠭ᠎ᠦᠨ ᠵᠠᠯᠠᠭᠤᠴᠤᠳ᠎ᠤᠨ ᠠᠵᠢᠯ᠎ᠤᠨ ᠵᠥᠪᠯᠡᠯ᠎ᠦᠨ ᠬᠡᠷᠡᠭ ᠡᠷᠬᠢᠯᠡᠭᠴᠢ᠃ ᠭᠣᠣᠯᠳᠠᠭᠤ ᠠᠭᠠᠷ ᠰᠠᠨᠰᠠᠷ᠎ᠤᠨ ᠬᠥᠳᠡᠯᠭᠡᠭᠴᠢ ᠬᠦᠴᠦᠨ᠎ᠦ ᠥᠨᠳᠥᠷ ᠳᠤᠯᠠᠭᠠᠨ᠎ᠳᠤ ᠬᠦᠩᠭᠡᠨ ᠬᠠᠶ᠋ᠢᠯᠤᠰᠢ᠎ᠶᠢᠨ ᠮᠠᠲ᠋ᠧᠷᠢᠶᠠᠯ ᠵᠢᠴᠢ ᠬᠡᠷᠡᠭᠯᠡᠭᠡᠨ᠎ᠦ ᠮᠡᠷᠭᠡᠵᠢᠯ᠎ᠦᠨ ᠰᠤᠳᠤᠯᠭᠠᠨ ᠬᠢᠵᠦ᠍᠂ ᠰᠢᠷᠢᠰ ᠲᠡᠷᠢᠭᠦᠨ᠎ᠦ ᠠᠭᠠᠷ᠎ᠤᠨ ᠠᠶᠠᠯᠠᠯ᠎ᠤᠨ ᠬᠥᠳᠡᠯᠭᠡᠭᠦᠷ ᠮᠠᠰᠢᠨ᠎ᠤ TiAl ᠳᠠᠩ ᠲᠠᠯᠠᠰᠲᠤ᠌ ᠥᠨᠳᠥᠷ ᠳᠠᠷᠤᠯᠲᠠᠲᠤ᠌ ᠬᠡᠢ᠎ᠶᠢᠨ ᠮᠠᠰᠢᠨ ᠪᠣᠯᠤᠨ ᠲᠦᠷᠪᠢᠨ ᠡᠷᠭᠢᠭᠴᠢ᠎ᠶᠢᠨ ᠨᠠᠪᠴᠢᠨ ᠢᠯᠲᠠᠰᠤ᠎ᠶᠢ ᠰᠤᠳᠤᠯᠤᠨ ᠦᠢᠯᠡᠳᠴᠦ᠍᠂ ᠬᠡᠪᠰᠢᠮᠡᠭᠡᠶ ᠬᠤᠪᠢᠷᠠᠯ᠎ᠤᠨ ᠣᠷᠣᠨ ᠠᠯᠤᠰᠯᠠᠭᠰᠠᠨ ᠨᠠᠪᠴᠢᠨ ᠢᠯᠲᠠᠰᠤ᠎ᠶᠢᠨ ᠶᠠᠳᠠᠷᠠᠯ᠎ᠢ ᠡᠰᠡᠷᠭᠦᠴᠡᠨ ᠭᠡᠷᠡᠭᠯᠡᠭᠡᠨ᠎ᠢ ᠤᠷᠳᠤᠳᠬᠠᠬᠤ ᠠᠷᠭ᠎ᠠ᠎ᠶᠢ ᠡᠭᠦᠳᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号