ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ
2026-08-04 09:56:28
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 3 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠦᠨ ᠠᠶᠤᠯᠭᠦᠶ ᠦᠢᠯᠡᠳᠪᠦᠷᠢᠯᠡᠯ᠎ᠦᠨ ᠰᠢᠯᠭᠠᠨ ᠪᠠᠶ᠋ᠢᠴᠠᠭᠠᠯᠲᠠ ᠲᠣᠭᠣᠷᠢᠨ ᠪᠠᠶ᠋ᠢᠴᠠᠭᠠᠯᠲᠠ᠎ᠶᠢᠨ ᠭᠤᠷᠪᠠᠳᠤᠭᠠᠷ ᠤᠯᠠᠷᠢᠯ᠎ᠤᠨ ᠢᠯᠡ᠎ᠪᠡᠷ ᠪᠠᠶ᠋ᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ ᠶᠠᠪᠤᠳᠠᠯ᠎ᠢ ᠰᠤᠳᠤᠯᠤᠨ ᠪᠠᠶ᠋ᠢᠷᠢᠯᠠᠭᠤᠯᠪᠠ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠳᠣᠣᠷ᠎ᠠ ᠬᠠᠭᠠᠰ ᠵᠢᠯ᠎ᠦᠨ ᠠᠵᠢᠯ ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠪᠦᠬᠦ᠌ ᠵᠢᠯ᠎ᠦᠨ ᠬᠠᠷᠠᠯᠲᠠ ᠡᠭᠦᠷᠭᠡ ᠎ᠶᠢ ᠪᠠᠲᠤ ᠡᠵᠡᠮᠳᠡᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠵᠦᠢᠯ᠎ᠦᠨ ᠠᠵᠢᠯ ᠎ᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠬᠢᠬᠦ᠌ ᠬᠡᠷᠡᠭᠲᠡᠢ᠃ ᠨᠢᠭᠡ᠎ᠳᠦ ᠠᠵᠤ ᠠᠬᠤᠶ᠎ᠶᠢᠨ ᠡᠷᠭᠢᠯᠲᠡ᠎ᠶᠢᠨ ᠲᠣᠬᠢᠷᠠᠭᠤᠯᠤᠯᠲᠠ᠎ᠪᠠᠨ ᠴᠢᠩᠭᠠᠳᠬᠠᠵᠤ᠂ ᠳᠣᠲᠣᠭᠠᠳᠤ ᠬᠡᠷᠡᠭᠴᠡᠭᠡ᠎ᠶᠢᠨ ᠨᠡᠮᠡᠭᠳᠡᠯ᠎ᠦᠨ ᠳᠠᠯᠳᠠ ᠬᠦᠴᠦᠨ᠎ᠢ ᠭᠦᠢᠴᠡᠳ ᠠᠭᠤᠳᠠᠯᠵᠤ᠂ ᠠᠷᠠᠳ᠎ᠤᠨ ᠪᠠᠯᠠ ᠣᠷᠣᠭᠤᠯᠤᠯᠲᠠ᠎ᠶᠢᠨ ᠨᠡᠯᠢᠶᠡᠳ ᠲᠦᠷᠭᠡᠨ ᠨᠡᠮᠡᠭᠳᠡᠯ᠎ᠦᠨ ᠪᠠᠶ᠋ᠢᠳᠠᠯ᠎ᠢ ᠪᠠᠲᠤᠯᠠᠵᠤ᠂ ᠵᠢᠯ᠎ᠦᠨ ᠡᠬᠢᠨ ᠎ᠳᠦ ᠲᠣᠭᠲᠠᠭᠠᠭᠰᠠᠨ ᠴᠢᠬᠤᠯᠠ ᠶᠡᠬᠡ ᠲᠥᠷᠥᠯ ᠵᠦᠢᠯ᠎ᠦᠨ 100% ᠎ᠪᠠᠷ ᠠᠵᠢᠯ ᠡᠬᠢᠯᠡᠬᠦ᠌ ᠎ᠶᠢ ᠠᠬᠢᠭᠤᠯᠵᠤ᠂ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠬᠦᠷᠢᠶ᠎ᠡ ᠪᠠ 《ᠵᠢᠷᠭᠤᠭᠠᠨ ᠲᠤᠤᠷ》 ᠵᠡᠷᠭᠡ ᠰᠠᠭᠤᠷᠢ ᠲᠥᠬᠥᠭᠡᠷᠦᠮᠵᠢ᠎ᠶᠢᠨ ᠲᠥᠷᠥᠯ ᠵᠦᠢᠯ᠎ᠢ ᠤᠬᠠᠭᠠᠯᠠᠨ ᠲᠦᠯᠦᠪᠯᠡᠵᠦ ᠨᠥᠭᠡᠴᠡᠯᠡᠬᠦ᠌ ᠬᠡᠷᠡᠭᠲᠡᠶ; ᠬᠡᠷᠡᠭᠯᠡᠭᠡ᠎ᠶᠢ ᠬᠥᠭᠵᠢᠭᠡᠬᠦ᠌ ᠲᠤᠰᠬᠠᠶ ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠍᠂ ᠲᠥᠷᠥ᠎ᠶᠢᠨ ᠪᠣᠳᠣᠯᠭ᠎ᠠ᠎ᠶᠢᠨ ᠪᠠᠯᠠ ᠮᠥᠩᠭᠥ᠎ᠶᠢ ᠰᠢᠯᠢᠳᠡᠭᠵᠢᠭᠦᠯᠦᠨ ᠨᠠᠶ᠋ᠢᠳᠠᠪᠤᠷᠢᠵᠢᠭᠤᠯᠵᠤ᠂ ᠪᠥᠭᠡᠮ᠎ᠢᠶᠡᠷ ᠬᠤᠳᠠᠯᠳᠤᠬᠤ  ᠵᠢᠵᠢᠭᠯᠡᠨ ᠬᠤᠳᠠᠯᠳᠤᠬᠤ ᠬᠤᠨᠤᠭ ᠪᠠᠭᠤᠳᠠᠯ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠬᠡᠷ ᠭᠠᠵᠠᠷ᠎ᠤᠨ ᠬᠥᠷᠥᠩᠭᠡ ᠵᠡᠷᠭᠡ ᠠᠵᠢᠯ ᠲᠥᠷᠥᠯ᠎ᠦᠨ ᠬᠡᠷᠡᠭᠯᠡᠭᠡᠨ᠎ᠦ ᠳᠠᠯᠳᠠ ᠬᠦᠴᠦᠨ᠎ᠢ ᠬᠥᠭᠵᠢᠭᠡᠬᠦ ᠬᠡᠷᠡᠭᠲᠡᠢ; ᠭᠤᠷᠪᠠᠨ ᠠᠵᠤ ᠦᠢᠯᠡᠰ᠎ᠦᠨ ᠦᠷ᠎ᠡ ᠠᠰᠢᠭ᠎ᠢ ᠬᠠᠮᠵᠢᠯᠴᠠᠨ ᠨᠡᠮᠡᠭᠳᠡᠭᠦᠯᠬᠦ᠌᠎ᠶᠢ ᠠᠬᠢᠭᠤᠯᠵᠤ᠂ ᠣᠨᠴᠠᠭᠠᠢ ᠴᠠᠭ ᠠᠭᠤᠷ᠎ᠤᠨ ᠨᠥᠯᠥᠭᠡ ᠎ᠶᠢ ᠢᠳᠡᠪᠬᠢᠲᠡᠢ ᠠᠷᠭᠠᠴᠠᠭᠠᠵᠤ᠂ ᠠᠮᠤ ᠪᠤᠳᠠᠭᠠᠨ᠎ᠤ ᠡᠯᠪᠡᠭ ᠬᠤᠷᠢᠶᠠᠯᠲᠠ᠂ ᠮᠠᠯ ᠠᠵᠤ ᠠᠬᠤᠢ ᠎ᠶᠢᠨ ᠲᠣᠭᠲᠠᠭᠤᠨ ᠭᠠᠷᠤᠯᠲᠠ᠎ᠶᠢ ᠪᠦᠬᠦ᠌ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠢ; ᠠᠵᠤ ᠦᠢᠯᠡᠳᠪᠦᠷᠢ᠎ᠶᠢᠨ ᠪᠦᠲᠦᠴᠡ᠎ᠳᠦ ᠲᠣᠬᠢᠷᠠᠭᠤᠯᠤᠯᠲᠠ ᠬᠢᠵᠦ᠍᠂ ᠨᠠᠷᠢᠨ ᠬᠤᠪᠢᠶᠠᠭᠰᠠᠨ ᠠᠵᠢᠯ ᠲᠥᠷᠥᠯ᠎ᠦᠨ ᠠᠵᠢᠯᠯᠠᠭᠠᠨ᠎ᠤ ᠪᠠᠶ᠋ᠢᠳᠠᠯ᠎ᠢ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠍᠂ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠬᠤ ᠪᠠ ᠬᠠᠪᠰᠤᠷᠴᠤ᠌ ᠪᠠᠶ᠋ᠢᠭᠠᠳ ᠵᠠᠬ᠎ᠠ ᠳᠡᠯᠭᠡᠭᠦᠷ᠎ᠦᠨ ᠬᠤᠪᠢ᠎ᠶᠢᠨ ᠵᠢᠩ᠎ᠢ ᠥᠷᠭᠡᠳᠬᠡᠵᠦ᠍᠂ ᠥᠷᠲᠡᠭ᠎ᠦᠨ ᠬᠡᠯᠬᠢᠶ᠎ᠡ᠎ᠶᠢ ᠤᠷᠲᠤᠳᠬᠠᠬᠤ ᠬᠡᠷᠡᠭᠲᠡᠢ; ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠢᠯᠡᠳᠪᠦᠷᠢᠯᠡᠯ᠎ᠦᠨ ᠴᠢᠨᠠᠷᠲᠠᠶ᠂ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠬᠠᠩᠭᠠᠯᠭ᠎ᠠ᠎ᠶᠢ ᠪᠠᠶᠠᠯᠢᠭᠵᠢᠭᠤᠯᠬᠤ ᠬᠡᠷᠡᠭᠲᠡᠢ; ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠢ ᠠᠵᠤ ᠦᠢᠯᠡᠰᠵᠢᠭᠦᠯᠦᠨ ᠬᠡᠷᠡᠭᠯᠡᠬᠦ᠌ ᠵᠠᠮ᠎ᠢ ᠰᠢᠯᠤᠭᠤᠳᠬᠠᠵᠤ᠂ ᠵᠣᠬᠢᠶᠠᠮᠠᠯ ᠤᠶᠤᠨ ᠴᠢᠳᠠᠪᠤᠷᠢ ᠵᠢᠨ ᠤᠯᠠᠨ ᠠᠵᠢᠯ ᠲᠦᠷᠦᠯ ᠎ᠳᠦ ᠬᠦᠴᠦᠨ ᠣᠯᠭᠣᠵᠤ ᠴᠢᠳᠠᠬᠤ ᠬᠠᠨᠳᠤᠰᠢ ᠵᠢ ᠲᠠᠭᠠᠵᠤ᠂ ᠰᠢᠨ᠎ᠡ ᠠᠬᠤᠢ ᠦᠵᠡᠭᠳᠡᠯ ᠎ᠢ ᠥᠷᠭᠡᠳᠬᠡᠵᠦ᠍᠂ ᠰᠢᠨ᠎ᠡ ᠬᠥᠳᠡᠯᠭᠡᠬᠦ᠌ ᠡᠨᠧᠷᠭᠢ᠎ᠶᠢ ᠪᠣᠶ᠋ᠢᠵᠢᠭᠤᠯᠵᠤ᠂ ᠤᠯᠠᠮᠵᠢᠯᠠᠯᠲᠤ᠌ ᠠᠵᠤ ᠦᠢᠯᠡᠰ᠎ᠦᠨ ᠰᠢᠨ᠎ᠡ ᠬᠥᠭᠵᠢᠯᠲᠡ᠎ᠶᠢ ᠠᠬᠢᠭᠤᠯᠵᠤ᠂ ᠪᠠᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ ᠪᠡᠷ ᠮᠠᠨᠳᠤᠭᠰᠠᠨ ᠪᠠ ᠢᠷᠡᠭᠡᠳᠦᠢ᠎ᠶᠢᠨ ᠠᠵᠤ ᠦᠢᠯᠡᠰ᠎ᠢ ᠪᠤᠵᠠᠭᠠᠶ᠋ᠢᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠬᠡᠷᠡᠭᠲᠡᠢ᠃ ᠬᠣᠶᠠᠷ᠎ᠲᠤ᠌ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠶ᠋ᠢᠷᠡᠭᠦᠯᠵᠦ᠍᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ ᠎ᠤ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠡᠭᠦᠷᠭᠡ᠎ᠶᠢ ᠴᠢᠨᠠᠷ ᠰᠠᠶ᠋ᠢᠲᠠᠶ ᠪᠡᠶᠡᠯᠡᠭᠦᠯᠵᠦ᠍᠂ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ᠂ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡ᠂ ᠬᠢᠯᠢ ᠠᠯᠤᠰᠯᠠᠭᠰᠠᠨ ᠮᠥᠩᠭᠥᠨ ᠭᠦᠢᠯᠭᠡᠭᠡ ᠪᠣᠯᠤᠨ ᠬᠢᠯᠢ᠎ᠶᠢᠨ ᠠᠷᠠᠳ᠎ᠤᠨ ᠵᠠᠬ᠎ᠠ᠎ᠶᠢᠨ ᠠᠷᠠᠯᠵᠢᠶ᠎ᠠ ᠵᠢ  ᠲᠦᠷᠭᠡᠳᠬᠡᠨ ᠬᠥᠭᠵᠢᠭᠦᠯᠬᠦ᠌᠎ᠶᠢ ᠳᠠᠶ᠋ᠢᠴᠢᠯᠠᠬᠤ ᠬᠡᠷᠡᠭᠲᠡᠶ᠃ ᠭᠤᠷᠪᠠ᠎ᠳᠤ ᠭᠤᠤᠯᠳᠠᠯᠭ᠎ᠠ᠎ᠲᠠᠶ ᠬᠦᠷᠢᠶᠡᠨ᠎ᠦ ᠠᠶᠤᠯ ᠲᠦᠭᠰᠢᠭᠦᠷᠢ᠎ᠶᠢ ᠪᠦᠲᠦᠮᠵᠢᠲᠡᠶ ᠰᠡᠷᠭᠡᠶ᠋ᠢᠯᠡᠨ ᠠᠷᠢᠯᠭᠠᠵᠤ᠂ ᠵᠠᠰᠠᠭ᠎ᠤᠨ ᠣᠷᠳᠣᠨ᠎ᠤ ᠳᠠᠯᠳᠠ ᠴᠢᠨᠠᠷᠲᠠᠶ ᠥᠷᠢ ᠥᠭᠴᠡᠭᠡ ᠎ᠶᠢ ᠠᠷᠢᠯᠭᠠᠬᠤ᠂ ᠠᠵᠤ ᠠᠬᠤᠶ᠋ᠢᠯᠠᠯ᠎ᠳᠤ ᠥᠷᠢᠲᠦᠵᠦ᠍ ᠪᠠᠶ᠋ᠢᠭ᠎ᠠ ᠲᠠᠩᠰᠠᠨ᠎ᠳᠠᠬᠢ ᠵᠣᠭᠣᠰ ᠎ᠢ ᠲᠦᠯᠦᠬᠦ᠂ ᠮᠥᠩᠭᠥᠨ ᠭᠦᠢᠯᠭᠡᠭᠡᠨ ᠎ᠦ ᠪᠠᠶ᠋ᠢᠭᠤᠯᠤᠮᠵᠢ᠎ᠶᠢᠨ ᠥᠭᠡᠷᠡᠴᠢᠯᠡᠯᠲᠡ᠎ᠬᠢᠵᠦ ᠠᠶᠤᠯ ᠲᠦᠭᠰᠢᠭᠦᠷᠢ ᠵᠢ ᠠᠷᠢᠯᠭᠠᠬᠤ ᠡᠭᠦᠷᠭᠡ ᠎ᠶᠢ ᠴᠠᠭ ᠲᠤᠬᠠᠶ᠎ᠳᠤᠨᠢ ᠪᠡᠶᠡᠯᠡᠭᠦᠯᠵᠦ᠍᠂ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠡᠬᠢ ᠡᠯ᠎ᠡ ᠲᠥᠷᠥᠯ᠎ᠦᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ  ᠪᠣᠳᠠᠲᠠᠶ ᠠᠳᠬᠤᠬᠤ ᠬᠡᠷᠡᠭᠲᠡᠶ᠃ ᠳᠥᠷᠪᠡ᠎ᠳᠦ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠲᠡᠶ᠎ᠪᠡᠷ ᠰᠠᠶ᠋ᠢᠲᠤᠷ ᠬᠡᠷᠡᠭᠵᠢᠭᠦᠯᠵᠦ᠍᠂ ᠣᠯᠠᠨ ᠲᠦᠮᠡᠨ᠎ᠦ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠌᠎ᠶᠢ ᠣᠯᠠᠨ ᠠᠷᠭ᠎ᠠ ᠵᠠᠮ᠎ᠢᠶᠠᠷ ᠠᠬᠢᠭᠤᠯᠵᠤ᠂ ᠬᠣᠲᠠ ᠬᠥᠳᠡᠭᠡ᠎ᠶᠢᠨ ᠵᠠᠰᠠᠯᠲᠠ᠎ᠶᠢᠨ ᠴᠢᠳᠠᠪᠤᠷᠢ᠎ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠣᠯᠠᠨ ᠲᠦᠮᠡᠨ᠎ᠦ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠲᠠᠯ᠎ᠠ᠎ᠪᠠᠷ᠎ᠬᠢ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠶ᠋ᠢᠲᠤᠷ ᠰᠢᠢᠳᠪᠦᠷᠢᠯᠡᠬᠦ᠌ ᠬᠡᠷᠡᠭᠲᠡᠶ᠃ ᠲᠠᠪᠤ ᠎ᠳᠤ ᠵᠠᠰᠠᠭ ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ ᠎ᠢ ᠭᠦᠨᠵᠡᠭᠡᠶ ᠴᠡᠭᠴᠡᠯᠡᠨ ᠵᠠᠰᠠᠵᠤ᠂ ᠪᠣᠳᠠᠲᠠᠶ᠎ᠶᠢ ᠡᠷᠬᠢᠮᠯᠡᠨ ᠠᠷᠢᠭᠤᠨ ᠴᠢᠬᠡᠴᠢ ᠪᠠᠶ᠋ᠢᠬᠤ᠂ ᠦᠨᠡᠨ ᠬᠦ᠌ ᠠᠳᠬᠤᠨ ᠪᠣᠳᠠᠲᠠᠶ ᠠᠵᠢᠯᠯᠠᠬᠤ ᠬᠠᠲᠠᠭᠤ ᠴᠢᠩᠭ᠎ᠠ ᠰᠤᠷᠲᠠᠯ᠎ᠢᠶᠠᠷ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

ᠬᠤᠷᠠᠯ᠎ᠡᠴᠡ 《ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠰᠢᠯᠭᠠᠨ ᠪᠠᠶ᠋ᠢᠴᠠᠭᠠᠯᠲᠠ ᠲᠣᠭᠣᠷᠢᠨ ᠪᠠᠶ᠋ᠢᠴᠠᠭᠠᠯᠲᠠ᠎ᠶᠢᠨ ᠭᠤᠷᠪᠠᠳᠤᠭᠠᠷ ᠤᠯᠠᠷᠢᠯ᠎ᠤᠨ ᠢᠯᠡ᠎ᠪᠡᠷ ᠪᠠᠶ᠋ᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠠ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠲᠥᠰᠦᠯ》 ᠢ᠋ ᠰᠤᠳᠤᠯᠵᠤ᠂ ᠠᠭᠤᠯᠠᠨ ᠦᠶᠡᠷ᠎ᠦᠨ ᠭᠠᠮᠰᠢᠭ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭᠴᠢᠳ᠎ᠤᠨ ᠤᠰᠤᠨ᠎ᠳᠤ ᠤᠨᠠᠬᠤ ᠡᠨᠳᠡᠯ ᠎ᠢ ᠰᠡᠷᠭᠡᠶ᠋ᠢᠯᠡᠬᠦ᠌ ᠪᠠ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠶᠢᠨ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠬᠦᠨᠳᠦ ᠶᠡᠬᠡ ᠡᠨᠳᠡᠯ᠎ᠦᠨ ᠬᠡᠮ ᠰᠣᠭᠣᠭ᠎ᠢ ᠡᠨᠳᠡᠯ᠎ᠢᠶᠡᠷ ᠦᠵᠡᠵᠦ᠍᠂ ᠴᠠᠭ᠎ᠤᠨ ᠬᠢᠵᠠᠭᠠᠷ᠎ᠢ ᠴᠢᠩᠭ᠎ᠠ ᠠᠩᠬᠠᠷᠴᠤ᠌ ᠴᠡᠭᠴᠡᠯᠡᠨ ᠰᠠᠶ᠋ᠢᠵᠢᠷᠠᠭᠤᠯᠬᠤ ᠪᠠ ᠪᠠᠶ᠋ᠢᠴᠠᠭᠠᠨ ᠰᠢ᠌ᠳᠪᠦᠷᠢᠯᠡᠬᠦ᠌ ᠠᠵᠢᠯ ᠎ᠢ ᠰᠠᠶ᠋ᠢᠲᠤᠷ ᠠᠳᠬᠤᠵᠤ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ  ᠵᠢᠨ  ᠲᠣᠷᠭᠠᠭᠤᠯᠢ ᠎ᠪᠠᠷ ᠴᠡᠭᠴᠡᠯᠡᠨ ᠰᠠᠢᠵᠢᠷᠠᠭᠤᠯᠤᠯᠲᠠ᠎ᠶᠢ ᠣᠷᠣᠯᠠᠭᠤᠯᠬᠤ᠂ ᠥᠮᠥᠭᠯᠡᠨ ᠳᠠᠯᠳᠠᠯᠠᠬᠤ ᠵᠡᠷᠭᠡ《ᠮᠡᠳᠡᠵᠦ ᠪᠠᠢᠭᠠᠳ ᠬᠠᠮᠢᠶᠠᠷᠬᠤ ᠦᠭᠡᠢ ᠦᠩᠭᠡᠷᠡᠭᠦᠯᠬᠦ》 ᠠᠰᠠᠭᠤᠳᠠᠯ᠎ᠢ ᠴᠢᠩᠭ᠎ᠠ ᠪᠠᠶ᠋ᠢᠴᠠᠭᠠᠬᠤ ᠬᠡᠷᠡᠭᠲᠡᠢ᠃ ᠬᠡᠰᠡᠭ ᠭᠠᠵᠠᠷ᠎ᠲᠤ᠌ ᠣᠬᠣᠷ ᠬᠤᠭᠤᠴᠠᠭᠠᠨ᠎ᠤ ᠭᠡᠨᠡᠳᠲᠡ᠎ᠶᠢᠨ ᠰᠢᠷᠦᠭᠦᠨ ᠪᠣᠷᠣᠭᠠᠨ ᠣᠷᠣᠬᠤ ᠪᠠ ᠠᠭᠤᠯᠠᠨ ᠦᠶᠡᠷ᠎ᠦᠨ ᠭᠠᠮᠰᠢᠭ᠎ᠤᠨ ᠠᠶᠤᠯ ᠲᠦᠭᠰᠢᠭᠦᠷᠢ᠎ᠶᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶᠢ ᠴᠢᠩᠭᠠᠳᠬᠠᠵᠤ᠂ ᠭᠤᠤᠯᠳᠠᠯᠭ᠎ᠠ᠎ᠲᠠᠶ ᠠᠶᠤᠯ ᠲᠦᠭᠰᠢᠭᠦᠷᠢ᠎ᠶᠢᠨ ᠬᠡᠰᠡᠭ᠎ᠲᠦ᠍ ᠲᠤᠤᠷ ᠲᠠᠲᠠᠬᠤ ᠮᠠᠶᠢᠭ᠎ᠤᠨ ᠵᠢᠭᠰᠠᠭᠠᠨ ᠪᠠᠶ᠋ᠢᠴᠠᠭᠠᠯᠲᠠ ᠴᠡᠭᠴᠡᠯᠡᠨ ᠵᠠᠰᠠᠯᠲᠠ᠎ᠶᠢ ᠥᠷᠨᠢᠭᠦᠯᠵᠦ᠍᠂ ᠤᠰᠤᠨ᠎ᠳᠤ ᠤᠨᠠᠬᠤ ᠵᠢ ᠰᠡᠷᠭᠡᠶ᠋ᠢᠯᠡᠬᠦ᠌ ᠤᠬᠠᠭᠤᠯᠭ᠎ᠠ᠎ᠶᠢ ᠪᠠᠶ᠋ᠢᠩᠭᠤᠵᠢᠭᠤᠯᠤᠨ ᠥᠷᠨᠢᠭᠦᠯᠵᠦ᠍᠂ ᠠᠶᠤᠯ ᠲᠦᠭᠰᠢᠭᠦᠷᠢ᠎ᠲᠠᠢ ᠤᠰᠤᠨ ᠣᠷᠣᠨ᠎ᠤ ᠰᠡᠷᠡᠮᠵᠢ᠎ᠶᠢᠨ ᠲᠡᠮᠳᠡᠭ ᠎ᠢ ᠲᠡᠭᠦᠯᠳᠡᠷᠵᠢᠭᠦᠯᠵᠦ᠍᠂ ᠠᠵᠢᠯᠲᠠᠨ᠎ᠤ ᠬᠦᠴᠦᠨ᠎ᠢ ᠵᠣᠬᠢᠶᠠᠨ ᠪᠠᠶ᠋ᠢᠭᠤᠯᠵᠤ ᠲᠣᠭᠣᠷᠢᠨ ᠴᠠᠭᠳᠠᠵᠤ ᠢᠳᠬᠠᠨ ᠵᠢᠯᠤᠭᠤᠳᠬᠤ᠎ᠶᠢ ᠴᠢᠩᠭᠠᠳᠬᠠᠬᠤ ᠬᠡᠷᠡᠭᠲᠡᠶ᠃ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠶᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠤ ᠬᠠᠮᠢᠶᠠᠷᠤᠯᠲᠠ᠎ᠶᠢ ᠴᠢᠩᠭ᠎ᠠ ᠵᠢᠷᠤᠮᠵᠢᠭᠤᠯᠤᠨ᠂ ᠬᠢᠨᠠᠯᠲᠠ ᠬᠠᠮᠢᠶᠠᠷᠤᠯᠲᠠ᠎ᠶᠢᠨ ᠪᠠᠶ᠋ᠢᠭᠤᠯᠤᠯ᠎ᠢ ᠰᠢᠯᠤᠭᠤᠳᠬᠠᠵᠤ᠂ ᠭᠠᠯ᠎ᠤᠨ ᠠᠶᠤᠯ᠎ᠤᠨ ᠡᠬᠢ ᠰᠤᠷᠪᠤᠯᠵᠢ᠎ᠶᠢ ᠠᠷᠢᠯᠭᠠᠨ᠂ ᠠᠮᠤᠷ ᠲᠦᠪᠰᠢᠨ ᠭᠠᠷᠬᠤ ᠡᠭᠦᠳᠡ᠎ᠶᠢᠨ ᠰᠠᠭᠠᠳ ᠦᠭᠡᠶ ᠨᠡᠪᠲᠡᠷᠡᠬᠦ᠌᠎ᠶᠢ ᠪᠠᠲᠤᠯᠠᠵᠤ᠂ ᠭᠠᠯ ᠰᠡᠷᠭᠡᠢᠯᠡᠵᠦ ᠭᠠᠯ ᠤᠨᠲᠠᠷᠠᠭᠠᠬᠤ ᠰᠣᠷᠢᠯᠲᠠ᠎ᠶᠢ ᠲᠣᠭᠲᠠᠮᠠᠯ ᠬᠤᠭᠤᠴᠠᠭ᠎ᠠ᠎ᠲᠠᠶ᠎ᠪᠠᠷ ᠵᠣᠬᠢᠶᠠᠨ ᠪᠠᠶ᠋ᠢᠭᠤᠯᠵᠤ᠂ ᠪᠠᠭᠰᠢ ᠰᠤᠷᠤᠭᠴᠢᠳ᠎ᠤᠨ ᠪᠠᠴᠢᠮ ᠪᠠᠶ᠋ᠢᠳᠠᠯ᠎ᠢ ᠠᠷᠭᠠᠴᠠᠭᠠᠵᠤ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠳᠡᠭᠡᠭᠰᠢᠯᠡᠭᠦᠯᠬᠦ᠌ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ ᠪᠠᠰᠠ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠬᠤ ᠬᠠᠮᠢᠶ᠎ᠠ ᠪᠦᠬᠦᠢ ᠶᠠᠪᠤᠳᠠᠯ᠎ᠢ ᠰᠤᠳᠤᠯᠵᠤ᠂ ᠪᠦᠬᠦ᠌ ᠤᠯᠤᠰ ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠪᠠᠶ᠋ᠢᠭᠤᠯᠬᠤ ᠱᠠᠭᠠᠷᠳᠠᠯᠭ᠎ᠠ ᠳᠣᠣᠷ᠎ᠠ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠬᠤ ᠠᠵᠢᠯ᠎ᠢ ᠴᠢᠩᠭ᠎ᠠ ᠥᠷᠨᠢᠭᠦᠯᠵᠦ᠍᠂ ᠡᠯ᠎ᠡ ᠱᠠᠲᠤᠨ᠎ᠤ ᠤᠳᠤᠷᠢᠳᠬᠤ ᠺᠠᠳ᠋ᠷ ᠰᠠᠨᠠᠭᠠᠴᠢᠯᠠᠭ᠎ᠠ᠎ᠡᠴᠡ᠎ᠪᠠᠨ ᠭᠠᠷᠴᠤ᠌ ᠶᠠᠪᠤᠵᠤ᠂ ᠤᠨᠴᠠᠯᠢᠬᠳᠤ ᠳᠠᠪᠠᠭᠤᠯᠢᠭᠲᠤ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠢᠯᠡᠰ᠎ᠦᠨ ᠬᠡᠯᠬᠢᠶ᠎ᠡ ᠎ᠪᠡᠷ ᠠᠷᠠᠯᠵᠢᠶᠠᠴᠢᠨ ᠤᠷᠢᠵᠤ᠂ ᠨᠢᠭᠡ ᠨᠢᠭᠡ ᠪᠡᠷ ᠬᠠᠷᠢᠯᠴᠠᠨ ᠠᠷᠠᠯᠵᠢᠶᠠᠴᠢᠨ ᠤᠷᠢᠵᠤ᠂ ᠴᠢᠨᠠᠷ ᠰᠠᠶ᠋ᠢᠲᠠᠢ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠬᠤ ᠪᠡᠷ ᠬᠥᠭᠵᠢᠯᠲᠡ᠎ᠶᠢᠨ ᠬᠥᠳᠡᠯᠭᠡᠬᠦ᠌ ᠡᠨᠧᠷᠭᠢ᠎ᠶᠢ ᠬᠤᠷᠠᠮᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号