2026 ᠣᠨ᠎ᠤ ᠤᠮᠠᠷᠠᠲᠤ᠎ᠶᠢᠨ ᠲᠠᠪᠤᠨ
ᠮᠤᠵᠢ ᠬᠤᠳᠠ᠎ᠶᠢᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠎ᠶᠢᠨ ᠰᠤᠷᠭᠠᠭᠤᠯᠢ
ᠵᠢᠨ ᠬᠦᠷᠢᠶᠡᠨ᠎ᠦ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ ᠲᠦᠷᠦᠭᠦᠬᠡᠨ ᠾᠸᠪᠸᠢ ᠮᠤᠵᠢ᠎ᠶᠢᠨ ᠴᠢᠭᠤᠯᠤᠯᠲᠤ
ᠬᠠᠭᠠᠯᠭ᠎ᠠ ᠬᠤᠳᠠ᠎ᠶᠢᠨ ᠺᠠᠩ ᠪᠦᠦ ᠰᠢᠶᠠᠨ᠎ᠳᠤ ᠲᠡᠭᠦᠰ ᠠᠮᠵᠢᠯᠲᠠ ᠲᠠᠢ ᠥᠨᠳᠥᠷᠯᠡᠪᠡ᠃ ᠪᠠᠶᠠᠨᠨᠠᠭᠤᠷ ᠬᠤᠳᠠ᠎ᠶᠢᠨ ᠯᠢᠨᠾᠧ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ
ᠡᠮᠡᠭᠲᠡᠢᠴᠦᠳ᠎ᠦᠨ ᠬᠥᠯ ᠪᠥᠮᠪᠥᠭᠡ᠎ᠶᠢᠨ ᠠᠩᠭᠢ ᠤᠷᠤᠯᠳᠤᠭᠠᠨ᠎ᠳᠤ ᠮᠠᠩᠯᠠᠢᠯᠠᠪᠠ᠃

ᠣᠢᠯᠠᠭᠠᠭᠰᠠᠨ᠎ᠢᠶᠠᠷ᠂ ᠲᠣᠰ ᠤᠳᠠᠭᠠᠨ᠎ᠤ
ᠤᠷᠤᠯᠳᠤᠭᠠᠨ ᠪᠣᠯ ᠤᠮᠠᠷᠠᠲᠤ ᠣᠷᠣᠨ᠎ᠤ ᠲᠠᠪᠤᠨ ᠮᠤᠵᠢ (ᠣᠷᠣᠨ᠂ ᠬᠣᠲᠠ) (ᠾᠧᠪᠧᠢ ᠮᠤᠵᠢ᠂ ᠪᠡᠭᠡᠵᠢᠩ ᠬᠣᠲᠠ᠂
ᠲᠢᠶᠠᠨᠵᠢᠨ ᠬᠣᠲᠠ᠂ ᠱᠠᠨ ᠰᠢ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ) ᠵᠢᠨ ᠰᠤᠷᠭᠠᠨ ᠬᠥᠮᠦᠵᠢᠯ᠎ᠦᠨ
ᠲᠢᠩᠬᠢᠮ᠎ᠦᠨ ᠬᠦᠴᠦ ᠤᠷᠤᠭᠤᠯᠤᠨ ᠵᠤᠬᠢᠶᠠᠨ ᠪᠠᠢᠭᠤᠯᠤᠭᠰᠠᠨ ᠤᠷᠤᠯᠳᠤᠭᠠᠨ ᠪᠣᠯᠣᠨ᠎ᠠ᠃ ᠠᠵᠢᠯᠯᠠᠭ᠎ᠠ᠎ᠳᠤ ᠠᠩᠬ᠎ᠠ
ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠡᠷᠡᠭᠲᠡᠢ᠎ᠶᠢᠨ ᠳᠤᠭᠤᠢᠯᠠᠩ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ
ᠡᠮᠡᠭᠲᠡᠢ᠎ᠶᠢᠨ ᠳᠤᠭᠤᠢᠯᠠᠩ᠂ ᠪᠠᠭ᠎ᠠ ᠰᠤᠷᠭᠠᠭᠤᠯᠢ᠎ᠶᠢᠨ ᠡᠷᠡᠭᠲᠡᠢ᠎ᠶᠢᠨ ᠳᠤᠭᠤᠢᠯᠠᠩ᠂ ᠪᠠᠭ᠎ᠠ ᠰᠤᠷᠭᠠᠭᠤᠯᠢ᠎ᠶᠢᠨ
ᠡᠮᠡᠭᠲᠡᠢ᠎ᠶᠢᠨ ᠳᠤᠭᠤᠢᠯᠠᠩ ᠵᠡᠷᠭᠡ ᠳᠥᠷᠪᠡᠨ ᠤᠷᠤᠯᠳᠤᠭᠠᠨ᠎ᠤ ᠳᠤᠭᠤᠢᠯᠠᠩ ᠲᠣᠬᠢᠷᠠᠭᠤᠯᠪᠠ᠃ ᠥᠪᠥᠷ ᠮᠣᠩᠭᠣᠯ᠎ᠢ ᠲᠥᠯᠥᠭᠡᠯᠡᠨ ᠠᠩᠬ᠎ᠠ ᠤᠳᠠᠭ᠎ᠠ ᠤᠷᠤᠯᠳᠤᠭᠠᠨ ᠳ᠋ᠤ
ᠤᠷᠤᠯᠴᠠᠬᠤ ᠪᠡᠷ ᠮᠣᠷᠳᠠᠭᠰᠠᠨ ᠯᠢᠨᠾᠧ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠡᠮᠡᠭᠲᠡᠢ᠎ᠶᠢᠨ
ᠬᠥᠯ ᠪᠥᠮᠪᠥᠭᠡ᠎ᠶᠢᠨ ᠠᠩᠭᠢ ᠳᠠᠰᠬᠠᠯᠵᠢᠭᠤᠯᠤᠭ᠍ᠴᠢ ᠯᠢᠦ ᠶᠠᠩ᠎ᠤᠨ ᠳᠠᠭᠠᠭᠤᠯᠭ᠎ᠠ ᠳᠣᠣᠷ᠎ᠠ ᠪᠠᠭ᠎ᠠ ᠰᠤᠷᠭᠠᠭᠤᠯᠢ᠎ᠶᠢᠨ
ᠡᠮᠡᠭᠲᠡᠢ᠎ᠶᠢᠨ ᠳᠤᠭᠤᠢᠯᠠᠩ᠎ᠤᠨ ᠮᠠᠩᠯᠠᠢ᠎ᠳᠤ ᠰᠢᠯᠭᠠᠷᠠᠵᠠᠢ᠃


ᠢᠷᠡᠯᠲᠡ᠄ ᠠᠯᠠᠭᠠᠨ ᠳᠡᠭᠡᠷᠡᠬᠢ ᠪᠠᠶᠠᠨᠨᠠᠭᠤᠷ ᠵᠢᠷᠬᠢᠶ᠎ᠡ ᠵᠢᠨ ᠲᠠᠪᠴᠠᠩ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号