— ᠬᠦᠬᠡᠬᠤᠲᠠ 《ᠳᠡᠯᠡᠬᠡᠢ ᠶ᠋ᠢᠨ ᠴᠠᠭᠠᠨ ᠢᠳᠡᠭᠡᠨ ᠤ᠋ ᠬᠤᠲᠠ》 ᠪᠤᠯᠤᠭᠰᠠᠨ ᠨᠢᠭᠤᠴᠠ ᠵᠢ ᠲᠠᠢᠯᠬᠤᠢ
7 ᠰᠠᠷ᠎ᠠ ᠶ᠋ᠢᠨ 31 ᠡᠴᠡ 8 ᠰᠠᠷ᠎ᠠ ᠶ᠋ᠢᠨ 2 ᠤ᠋ᠨ ᠡᠳᠦᠷ ᠪᠤᠯᠲᠠᠯ᠎ᠠ᠂ 2026 ᠣᠨ ᠤ᠋ ᠳᠡᠯᠡᠬᠡᠶ ᠶ᠋ᠢᠨ ᠰᠦ᠋ ᠶ᠋ᠢᠨ ᠦᠢᠯᠡᠰ ᠤ᠋ᠨ ᠶᠡᠬᠡ ᠬᠤᠷᠠᠯ ᠬᠥᠬᠡᠬᠣᠲᠠ ᠳ᠋ᠤ ᠠᠮᠵᠢᠯᠲᠠ ᠲᠠᠢ ᠶᠠᠪᠤᠭᠳᠠᠵᠤ᠂ ᠣᠯᠠᠨ ᠤᠯᠤᠰ ᠤ᠋ᠨ ᠢᠳᠡᠭᠡᠨ ᠤ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠣᠯᠪᠣᠭ᠎ᠠ ᠡᠴᠡ ᠬᠥᠬᠡᠬᠣᠲᠠ ᠵᠢ 《ᠳᠡᠯᠡᠬᠡᠢ ᠶ᠋ᠢᠨ ᠴᠠᠭᠠᠨ ᠢᠳᠡᠭᠡᠨ ᠤ᠋ ᠬᠤᠲᠠ》 ᠪᠡᠷ ᠴᠤᠯᠠᠯᠠᠨ ᠫᠠᠢᠰᠠ ᠤᠯᠭᠤᠪᠠ᠃ 2005 ᠤᠨ ᠳ᠋ᠤ 《ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠬᠤᠲᠠ》 ᠪᠡᠷ ᠴᠤᠯᠠᠯᠠᠭᠳᠠᠨ᠂ 2023 ᠤᠨ ᠳ᠋ᠤ 《ᠳᠡᠯᠡᠬᠡᠢ ᠶ᠋ᠢᠨ ᠴᠠᠭᠠᠨ ᠢᠳᠡᠭᠡᠨ ᠤ᠋ ᠦᠢᠯᠡᠰ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠤᠲᠠ》᠂ 《ᠳᠤᠮᠳᠠᠳᠤ ᠤᠯᠤᠰ ᠤ᠋ᠨ ᠰᠦ ᠶ᠋ᠢᠨ ᠦᠢᠯᠡᠰ ᠤ᠋ᠨ ᠡᠭᠦᠯᠳᠡᠷ ᠪᠤᠢᠵᠢᠭᠤᠯᠬᠤ ᠬᠤᠲᠠ》 ᠪᠡᠷ ᠴᠤᠯᠠᠯᠠᠭᠳᠠᠵᠤ᠂ ᠳᠠᠬᠢᠭᠠᠳ ᠦᠨᠦᠳᠦᠷ 《ᠳᠡᠯᠡᠬᠡᠢ ᠶ᠋ᠢᠨ ᠴᠠᠭᠠᠨ ᠢᠳᠡᠭᠡᠨ ᠤ᠋ ᠬᠤᠲᠠ》 ᠪᠡᠷ ᠴᠤᠯᠠᠯᠠᠭᠳᠠᠭᠰᠠᠨ ᠬᠦᠷᠲᠡᠯ᠎ᠡ᠂ ᠬᠦᠬᠡᠬᠤᠲᠠ 20 ᠭᠠᠷᠤᠢ ᠵᠢᠯ ᠤ᠋ᠨ ᠲᠤᠷᠰᠢ ᠰᠦ ᠶ᠋ᠢᠨ ᠦᠢᠯᠡᠰ ᠢ᠋ ᠳᠠᠭᠠᠯᠲᠠ ᠦᠢᠯᠡᠰ ᠡᠴᠡ ᠳᠠᠭᠠᠭᠤᠯᠤᠭᠴᠢ ᠦᠢᠯᠡᠰ ᠪᠤᠯᠭᠠᠨ ᠬᠦᠭᠵᠢᠭᠦᠯᠦᠨ ᠬᠦᠴᠦᠷᠭᠡᠭᠵᠢᠭᠦᠯᠵᠦ᠂ ᠲᠡᠤᠬᠡᠴᠢ ᠴᠢᠨᠠᠷᠲᠠᠢ ᠳᠠᠪᠠᠯᠲᠠ ᠵᠢ ᠪᠡᠶᠡᠯᠡᠭᠦᠯᠦᠭᠰᠡᠨ ᠠᠵᠢ᠃
ᠬᠦᠬᠡᠬᠤᠲᠠ ᠳᠡᠯᠡᠬᠡᠢ ᠨᠡᠢᠲᠡ ᠳ᠋ᠦ ᠮᠡᠳᠡᠷᠡᠭᠳᠡᠭᠰᠡᠨ ᠰᠦ ᠶ᠋ᠢᠨ ᠢᠷᠡᠯᠲᠡ ᠶ᠋ᠢᠨ ᠰᠢᠵᠢᠷ ᠠᠯᠲᠠᠨ ᠪᠦᠰᠡ ᠳ᠋ᠦ ᠪᠠᠢᠷᠢᠯᠠᠵᠤ᠂ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠡᠬᠢ ᠪᠠᠶᠠᠯᠢᠭ ᠲᠠᠭᠠᠨ ᠲᠦᠰᠢᠭᠯᠡᠨ᠂ ᠳᠠᠭᠠᠭᠤᠯᠤᠭᠴᠢ ᠠᠵᠤ ᠠᠬᠤᠢᠯᠠᠯ ᠶ᠋ᠢᠡᠷ ᠵᠢᠯᠤᠭᠤᠳᠤᠮᠵᠢ ᠪᠤᠯᠭᠠᠵᠤ᠂ ᠪᠦᠬᠦ ᠠᠵᠤ ᠦᠢᠯᠡᠰ ᠤ᠋ᠨ ᠬᠡᠯᠬᠢᠶ᠎ᠡ ᠪᠡᠷ ᠲᠤᠯᠭᠠᠭᠤᠷᠢᠯᠡᠯ ᠪᠤᠯᠭᠠᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠪᠡᠷ ᠬᠦᠳᠡᠯᠭᠡᠭᠦᠷ ᠪᠤᠯᠭᠠᠵᠤ᠂ ᠪᠣᠬᠢᠷᠲᠤᠯ ᠦᠭᠡᠢ ᠬᠥᠭᠵᠢᠯᠲᠡ ᠪᠡᠷ ᠰᠠᠭᠤᠷᠢ ᠪᠤᠯᠭᠠᠨ᠂ 《ᠰᠢᠷᠬᠡᠭ ᠡᠪᠡᠰᠦ ᠡᠴᠡ ᠴᠤᠮᠤ ᠰᠦ ᠬᠦᠷᠲᠡᠯ᠎ᠡ ᠳᠠᠬᠢᠭᠠᠳ ᠬᠡᠰᠡᠭ ᠪᠢᠰᠢᠯᠠᠭ ᠬᠦᠷᠲᠡᠯᠡᠬᠢ》 ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠡ ᠵᠢ ᠪᠠᠢᠭᠤᠯᠤᠨ᠂ ᠬᠦᠴᠦᠨ ᠵᠢᠡᠨ ᠲᠥᠪᠯᠡᠷᠡᠭᠦᠯᠦᠨ ᠲᠡᠰ ᠳᠡᠪᠰᠢᠭᠦᠯᠬᠦ᠂ ᠬᠡᠯᠬᠢᠶ᠎ᠡ ᠵᠢ ᠴᠢᠩᠭᠠᠳᠬᠠᠨ ᠶᠠᠰᠤ ᠴᠢᠨᠠᠷ ᠢ᠋ ᠳᠡᠭᠡᠭᠰᠢᠯᠡᠭᠦᠯᠬᠦ᠌᠂ ᠨᠡᠭᠡᠭᠡᠯᠳᠠ ᠬᠢᠵᠦ᠍ ᠭᠠᠳᠠᠭᠠᠳᠤ ᠳ᠋ᠤ ᠭᠠᠷᠭᠠᠬᠤ ᠳᠤᠮᠳᠠᠳᠤ ᠤᠯᠤᠰ ᠤ᠋ᠨ ᠰᠦ ᠶ᠋ᠢᠨ ᠦᠢᠯᠡᠰ ᠤ᠋ᠨ ᠴᠢᠨᠠᠷ ᠰᠠᠶ᠋ᠢᠲᠠᠢ ᠬᠥᠭᠵᠢᠯᠲᠡ ᠶ᠋ᠢᠨ ᠦᠯᠢᠭᠡᠷ ᠵᠢᠱ᠌ᠢᠶ᠎ᠡ ᠵᠢ ᠴᠤᠭᠴᠠᠯᠠᠪᠠ᠃ 《ᠳᠡᠯᠡᠬᠡᠶ ᠶ᠋ᠢᠨ ᠴᠠᠭᠠᠨ ᠢᠳᠡᠭᠡᠨ ᠤ᠋ ᠬᠤᠲᠠ》 ᠪᠡᠷ ᠴᠤᠯᠠᠯᠠᠭᠳᠠᠭᠰᠠᠨ ᠨᠢ ᠬᠦᠬᠡᠬᠤᠲᠠ ᠶ᠋ᠢᠨ ᠰᠦ ᠶ᠋ᠢᠨ ᠦᠢᠯᠡᠰ ᠤ᠋ᠨ 20 ᠭᠠᠷᠤᠢ ᠵᠢᠯ ᠤ᠋ᠨ ᠬᠦᠭᠵᠢᠯᠲᠡ ᠵᠢ ᠭᠦᠢᠴᠡᠳ ᠬᠠᠷᠠᠭᠤᠯᠵᠤ ᠪᠠᠢᠬᠤ ᠪᠦᠬᠡᠳ ᠪᠠᠰᠠ ᠳᠤᠮᠳᠠᠳᠤ ᠤᠯᠤᠰ ᠤ᠋ᠨ ᠰᠦ ᠶ᠋ᠢᠨ ᠦᠢᠯᠡᠰ ᠨᠢᠬᠡᠨᠳᠡ ᠳᠡᠯᠡᠬᠡᠢ ᠶ᠋ᠢᠨ ᠬᠤᠰᠢᠭᠤᠴᠢ ᠡᠡᠭᠨᠡᠭᠡᠨ ᠳ᠋ᠦ ᠤᠷᠤᠭᠰᠠᠨ ᠤ᠋ ᠭᠦᠴᠦᠲᠡᠢ ᠭᠡᠷᠡᠴᠢᠯᠡᠯ ᠪᠤᠯᠵᠠᠢ᠃

ᠲᠠᠭᠠᠭᠤᠯᠤᠭᠴᠢ ᠠᠵᠤ ᠠᠬᠤᠢᠯᠠᠯ ᠵᠢᠡᠷ ᠬᠦᠳᠦᠯᠦᠨ ᠳᠠᠭᠠᠭᠤᠯᠵᠤ ᠳᠡᠯᠡᠬᠡᠢ ᠶ᠋ᠢᠨ ᠳᠡᠰ ᠤ᠋ᠨ ᠠᠵᠤ ᠦᠢᠯᠡᠰ ᠤ᠋ᠨ ᠪᠦᠯᠦᠭᠵᠢᠯ ᠢ᠋ ᠴᠤᠭᠴᠠᠯᠠᠪᠠ
ᠢᠯᠢ ᠪᠤᠯᠤᠨ ᠮᠸᠡᠭ ᠨᠢᠦ᠂ ᠨᠢᠭᠡ ᠬᠤᠲᠠ ᠶ᠋ᠢᠨ 2 ᠠᠵᠤ ᠠᠬᠤᠢᠯᠠᠯ ᠳᠡᠯᠡᠬᠡᠢ ᠶ᠋ᠢᠨ ᠲᠠᠪᠴᠠᠡᠭ ᠳ᠋ᠦ ᠮᠦᠷᠤ ᠵᠡᠷᠬᠡᠴᠡᠨ ᠬᠢᠯᠠᠷᠠᠭᠤᠯᠵᠤ ᠪᠠᠢᠭ᠎ᠠ ᠶᠠᠪᠤᠳᠠᠯ ᠪᠤᠯ ᠬᠦᠬᠡᠬᠤᠲᠠ ᠶ᠋ᠢᠨ ᠰᠦ ᠶ᠋ᠢᠨ ᠦᠢᠯᠡᠰ ᠤ᠋ᠨ ᠬᠠᠮᠤᠭ ᠤ᠋ᠨ ᠶᠡᠬᠡ ᠬᠢᠯᠡᠰ ᠴᠡᠭ ᠪᠤᠯᠤᠨ᠎ᠠ᠃ ᠲᠤᠰ 2 ᠠᠵᠤ ᠠᠬᠤᠢᠯᠠᠯ ᠬᠡᠳᠦᠨ ᠠᠷᠪᠠᠨ ᠵᠢᠯ ᠤ᠋ᠨ ᠬᠦᠭᠵᠢᠯᠳᠡ ᠪᠡᠷ ᠳᠠᠮᠵᠢᠨ ᠲᠠᠰᠤᠷᠠᠯᠳᠠ ᠦᠬᠡᠢ ᠪᠤᠵᠠᠭᠠᠢᠷᠠᠨ ᠬᠦᠴᠦᠷᠬᠡᠭᠵᠢᠵᠤ᠂ ᠪᠦᠬᠦ ᠪᠦᠮᠪᠦᠷᠴᠡᠭ ᠤ᠋ᠨ ᠰᠦ ᠶ᠋ᠢᠨ ᠦᠢᠯᠡᠰ ᠤ᠋ᠨ ᠠᠵᠤ ᠦᠢᠯᠡᠰ ᠤ᠋ᠨ ᠪᠠᠢᠷᠢᠰᠢᠯ ᠢ᠋ ᠪᠦᠷᠢᠯᠳᠦᠭᠦᠯᠦᠨ᠂ ᠬᠦᠬᠡᠬᠤᠲᠠ ᠶ᠋ᠢᠨ 《ᠳᠡᠯᠡᠬᠡᠢ ᠶ᠋ᠢᠨ ᠴᠠᠭᠠᠨ ᠢᠳᠡᠭᠡᠨ ᠤ᠋ ᠬᠤᠲᠠ》 ᠪᠡᠷ ᠳᠡᠰ ᠳᠡᠪᠰᠢᠬᠦ ᠳ᠋ᠦ ᠪᠠᠲᠤ ᠪᠡᠬᠢ ᠲᠤᠯᠭᠠᠭᠤᠷᠢᠯᠠᠯ ᠬᠠᠡᠭᠭᠠᠵᠠᠢ᠃
ᠠᠯᠢ ᠡᠷᠳᠡ 1956 ᠣᠨ ᠳ᠋ᠤ ᠬᠥᠬᠡᠬᠣᠲᠠ ᠶ᠋ᠢᠨ 7 ᠰᠠᠭᠠᠯᠢᠴᠢᠨ ᠡᠷᠦᠬᠡ ᠰᠠᠭᠠᠯᠢ ᠵᠢᠨ ᠦᠨᠢᠶ᠎ᠠ ᠲᠡᠵᠢᠭᠡᠬᠦ᠌ ᠬᠤᠷᠰᠢᠭᠰᠠᠨ ᠳᠤᠭᠤᠶ᠋ᠢᠯᠠᠩ ᠪᠠᠢᠭᠤᠯᠵᠤ᠂ ᠰᠦ ᠶ᠋ᠢᠨ ᠦᠢᠯᠡᠰ ᠢ᠋ ᠬᠡᠪᠴᠢᠶᠡᠵᠢᠭᠦᠯᠦᠨ ᠬᠦᠭᠵᠢᠭᠦᠯᠬᠦ ᠵᠠᠮ ᠶ᠋ᠢᠡᠷ ᠵᠠᠮᠨᠠᠵᠤ ᠡᠬᠢᠯᠡᠵᠠᠢ᠃ ᠲᠡᠷᠡ ᠨᠢ ᠬᠡᠳᠦᠨ ᠠᠷᠪᠠᠨ ᠵᠢᠯ ᠤ᠋ᠨ ᠳᠡᠰ ᠳᠡᠪᠰᠢᠯᠲᠡ ᠪᠡᠷ ᠳᠠᠮᠵᠢᠨ 1983 ᠣᠨ ᠳ᠋ᠤ ᠬᠦᠬᠡᠬᠤᠲᠠ ᠶ᠋ᠢᠨ ᠬᠤᠲᠤᠡᠭ ᠠᠷᠠᠳ ᠤ᠋ᠨ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠢᠯᠠᠯ ᠪᠤᠯᠤᠨ ᠬᠦᠭᠵᠢᠵᠦ᠂ 1993 ᠤᠨ ᠳ᠋ᠦ ᠬᠤᠪᠢᠴᠠᠭᠠᠲᠤ ᠳᠦᠷᠢᠮ ᠤ᠋ᠨ ᠦᠭᠡᠷᠡᠴᠢᠯᠡᠯᠲᠡ ᠪᠡᠷ ᠦᠪᠦᠷ ᠮᠤᠡᠭᠭᠤᠯ ᠤ᠋ᠨ ᠢᠯᠢ ᠺᠤᠮᠫᠠᠨᠢ ᠵᠢ ᠪᠠᠢᠭᠤᠯᠪᠠ᠃ 1999 ᠤᠨ ᠳ᠋ᠦ ᠮᠸᠡᠭ ᠨᠢᠦ ᠪᠦᠯᠦᠭᠯᠡᠯ ᠪᠠᠢᠭᠤᠯᠤᠭᠳᠠᠵᠤ᠂ 2000 ᠤᠨ ᠳ᠋ᠦ ᠬᠦᠬᠡᠬᠤᠲᠠ 《ᠰᠦ ᠶ᠋ᠢᠨ ᠦᠢᠯᠡᠰ ᠶ᠋ᠢᠡᠷ ᠬᠤᠲᠠ ᠪᠠᠨ ᠮᠠᠨᠳᠤᠭᠤᠯᠬᠤ》 ᠪᠠᠢᠯᠳᠤᠬᠤ ᠪᠤᠳᠤᠯᠭ᠎ᠠ ᠵᠢ ᠲᠤᠭᠳᠠᠭᠠᠨ ᠬᠡᠷᠡᠭᠵᠢᠭᠦᠯᠵᠦ᠂ ᠲᠦᠷᠦ ᠶ᠋ᠢᠨ ᠪᠤᠳᠤᠯᠭ᠎ᠠ ᠪᠡᠷ ᠬᠦᠴᠦᠨ ᠤᠯᠭᠤᠬᠤ ᠵᠢᠨ ᠬᠠᠮᠳᠤ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠰᠢᠭᠯᠡᠨ ᠰᠦ ᠶ᠋ᠢᠨ ᠦᠢᠯᠡᠰ ᠤ᠋ᠨ ᠠᠵᠤ ᠦᠢᠯᠡᠰᠵᠢᠭᠰᠡᠨ᠂ ᠬᠡᠪᠴᠢᠶᠡᠵᠢᠭᠰᠡᠨ᠂ ᠪᠦᠯᠦᠭᠵᠢᠭᠰᠡᠨ ᠬᠦᠭᠵᠢᠯᠲᠡ ᠶ᠋ᠢᠨ ᠵᠠᠮ ᠶ᠋ᠢᠡᠷ ᠵᠠᠮᠨᠠᠪᠠ᠃
2010 ᠣᠨ ᠪᠤᠯᠬᠤ ᠳ᠋ᠤ ᠢᠯᠢ ᠪᠤᠯᠤᠨ ᠮᠧᠩ ᠨᠢᠦ ᠶ᠋ᠢᠨ ᠡᠵᠡᠩᠨᠡᠯᠲᠡ ᠶ᠋ᠢᠨ ᠣᠷᠣᠯᠭ᠎ᠠ ᠨᠢ ᠪᠦᠬᠦ᠌ ᠤᠯᠤᠰ ᠤ᠋ᠨ ᠰᠦ ᠶ᠋ᠢᠨ ᠦᠢᠯᠡᠰ ᠤ᠋ᠨ ᠶᠡᠷᠤᠩᠬᠡᠢ ᠬᠡᠮᠵᠢᠶᠡᠨ ᠤ᠋ 30% ᠵᠢ ᠳᠠᠪᠠᠵᠤ᠂ ᠲᠠᠯᠡᠬᠡᠢ ᠵᠢᠨ ᠴᠠᠭᠠᠨ ᠢᠳᠡᠭᠡᠨ ᠤ᠋ ᠦᠢᠯᠡᠰ ᠤ᠋ᠨ 20 ᠬᠦᠴᠦᠷᠬᠡᠭ ᠲᠦ᠍ ᠲᠡᠪᠰᠢᠨ ᠤᠷᠤᠪᠠ᠃ ᠢᠩᠬᠢᠬᠡᠳ ᠵᠠᠬ᠎ᠠ ᠳᠡᠯᠭᠡᠭᠦᠷ ᠤ᠋ᠨ ᠨᠥᠯᠥᠭᠡᠯᠡᠬᠦ᠌ ᠬᠦᠴᠦᠨ ᠨᠢ ᠦᠷᠭᠦᠯᠵᠢᠯᠡᠨ ᠳᠡᠭᠡᠭᠰᠢᠯᠡᠵᠦ᠍᠂ ᠠᠵᠢᠯ ᠲᠥᠷᠥᠯ ᠳ᠋ᠡᠬᠢ ᠡᠵᠡᠯᠡᠬᠦ᠌ ᠬᠠᠷᠢᠴᠠᠯ ᠨᠢ ᠬᠠᠮᠤᠭ ᠤ᠋ᠨ ᠥᠨᠳᠥᠷᠲᠡᠬᠡᠨ 53% ᠵᠢ ᠳᠠᠪᠠᠭᠰᠠᠨ ᠶᠤᠮ᠃ 2025 ᠣᠨ ᠤ᠋ ᠳᠡᠯᠡᠬᠡᠶ ᠶ᠋ᠢᠨ ᠴᠠᠭᠠᠨ ᠢᠳᠡᠭᠡᠨ ᠤ᠋ ᠦᠢᠯᠡᠰ ᠤ᠋ᠨ 20 ᠬᠦᠴᠦᠷᠬᠡᠭ ᠤ᠋ᠨ ᠵᠢᠭᠰᠠᠭᠠᠯᠲᠠ ᠳ᠋ᠤ ᠢᠯᠢ ᠪᠦᠯᠦᠭᠯᠡᠯ ᠪᠥᠬᠥ᠌ ᠳᠡᠯᠡᠬᠡᠶ ᠶ᠋ᠢᠨ ᠲᠠᠪᠤᠳᠤᠭᠠᠷ ᠲᠤ᠌ ᠵᠢᠭᠰᠠᠨ᠂ ᠮᠸᠩ ᠨᠢᠤ ᠪᠦᠯᠦᠭᠯᠡᠯ ᠪᠥᠬᠥ᠌ ᠳᠡᠯᠡᠬᠡᠶ ᠶ᠋ᠢᠨ ᠠᠷᠪᠠᠳᠤᠭᠠᠷ ᠲᠤ᠌ ᠵᠢᠭᠰᠠᠵᠤ᠂ ᠬᠥᠬᠡᠬᠣᠲᠠ ᠪᠥᠬᠥ᠌ ᠳᠡᠯᠡᠬᠡᠶ ᠶ᠋ᠢᠨ ᠴᠣᠷ ᠤ᠋ᠨ ᠭᠠᠭᠴᠠ ᠳᠡᠯᠡᠬᠡᠢ ᠶ᠋ᠢᠨ ᠴᠠᠭᠠᠨ ᠢᠳᠡᠭᠡᠨ ᠤ᠋ ᠦᠢᠯᠡᠰ ᠤ᠋ᠨ 2 ᠠᠷᠪᠠᠨ ᠬᠦᠴᠦᠷᠭᠡᠭ ᠠᠵᠤ ᠠᠬᠤᠢᠯᠠᠯ ᠲᠠᠢ ᠬᠤᠲᠠ ᠪᠤᠯᠵᠤ᠂ ᠲᠠᠯᠠᠬᠡᠢ ᠳ᠋ᠤ ᠬᠤᠤᠰ ᠦᠭᠡᠢ ᠳᠠᠭᠠᠭᠤᠯᠤᠭᠴᠢ ᠠᠵᠤ ᠠᠬᠤᠢᠯᠠᠯ ᠤ᠋ᠨ ᠬᠦᠲᠦᠯᠦᠨ ᠳᠠᠭᠠᠭᠤᠯᠬᠤ ᠳᠠᠪᠠᠭᠤᠯᠢᠭ ᠢ᠋ ᠪᠦᠷᠢᠯᠳᠦᠭᠦᠯᠪᠡ᠃
ᠤᠳᠤ ᠮᠢᠩᠭᠠᠨ ᠳ᠋ᠦᠩᠰᠢᠭᠤᠷ ᠤ᠋ᠨ ᠲᠠᠰ ᠤ᠋ᠨ 2 ᠶᠡᠬᠡ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠬᠦᠬᠡᠬᠤᠲᠠ ᠶ᠋ᠢᠨ ᠡᠮᠦᠨ᠎ᠡ ᠬᠤᠢᠨ᠎ᠠ ᠪᠠᠢᠷᠢᠯᠠᠵᠤ᠂ ᠳᠡᠯᠡᠬᠡᠶ ᠶ᠋ᠢᠨ ᠲᠠᠰ ᠤ᠋ᠨ ᠰᠦ ᠶ᠋ᠢᠨ ᠦᠢᠯᠡᠰ ᠤ᠋ᠨ ᠪᠦᠯᠦᠭᠵᠢᠯ ᠢ᠋ ᠲᠤᠯᠭᠠᠭᠤᠷᠢᠯᠠᠵᠤ ᠪᠠᠢᠨ᠎ᠠ᠃
ᠲᠦᠮᠡᠳ ᠵᠡᠭᠦᠨ ᠬᠣᠰᠢᠭᠤᠨ ᠳ᠋ᠤ ᠪᠠᠢᠭ᠎ᠠ ᠢᠯᠢ ᠣᠲᠣ ᠦᠶ᠎ᠡ ᠶ᠋ᠢᠨ ᠤᠶᠤᠨᠲᠤ᠌ ᠡᠷᠡᠭᠦᠯ ᠮᠡᠨᠳᠦ ᠶ᠋ᠢᠨ ᠬᠥᠨᠳᠡᠶ ᠪᠣᠯ ᠣᠳᠣᠬᠠᠨ ᠤ᠋ ᠪᠥᠬᠥ᠌ ᠲᠠᠯᠠᠬᠡᠢ ᠵᠢᠨ ᠴᠠᠭᠠᠨ ᠢᠳᠡᠭᠡᠨ ᠢ᠋ ᠰᠤᠳᠤᠯᠤᠨ ᠨᠡᠭᠡᠭᠡᠵᠦ᠍ ᠪᠤᠯᠪᠠᠰᠤᠷᠠᠭᠤᠯᠬᠤ ᠬᠡᠪᠴᠢᠶ᠎ᠡ ᠪᠡᠷ ᠬᠠᠮᠤᠭ ᠤ᠋ᠨ ᠶᠡᠬᠡ᠂ ᠤᠶᠤᠨᠴᠢᠯᠠᠯᠳᠠ ᠵᠢᠨ ᠲᠦᠪᠰᠢᠨ ᠵᠢᠡᠷ ᠬᠠᠮᠤᠭ ᠤ᠋ᠨ ᠥᠨᠳᠥᠷ ᠰᠠᠭᠤᠷᠢᠨ ᠪᠠᠢᠵᠤ᠂ ᠠᠵᠤ ᠦᠢᠯᠡᠰ ᠤ᠋ᠨ ᠡᠬᠢᠨ ᠤ᠋ ᠪᠠ ᠡᠴᠦᠰ ᠤ᠋ᠨ ᠦᠢᠯᠡᠳᠬᠦᠨ ᠤ᠋ 400 ᠭᠠᠷᠤᠶ ᠠᠵᠤ ᠠᠬᠤᠶ᠋ᠢᠯᠠᠯ ᠢ᠋ ᠲᠦᠪᠯᠡᠷᠡᠭᠦᠯᠦᠨ᠂ ᠡᠪᠡᠰᠦ ᠪᠣᠷᠳᠣᠭ᠎ᠠ ᠳᠠᠷᠢᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌᠂ ᠪᠣᠭᠣᠳᠠᠯᠯᠠᠵᠤ ᠦᠢᠯᠡᠳᠬᠦ ᠪᠠ ᠤᠶᠤᠨᠴᠢ ᠲᠣᠨᠣᠭᠯᠠᠯ᠂ ᠬᠦᠢᠲᠡᠨ ᠬᠡᠯᠬᠢᠶᠡᠲᠦ᠍ ᠪᠠᠷᠠᠭᠠᠨ ᠤ᠋ ᠭᠦᠢᠯᠭᠡᠭᠡ ᠵᠡᠷᠭᠡ ᠪᠦᠬᠦ ᠬᠡᠯᠬᠢᠶ᠎ᠡ ᠵᠢ ᠬᠠᠮᠤᠷᠴᠠᠢ᠃ ᠬᠦᠷᠢᠶᠡᠯᠡᠩ ᠲᠣᠭᠣᠷᠢᠭ ᠲᠠᠬᠢ ᠰᠢᠩᠭᠡᠨ ᠲᠥᠯᠥᠪᠲᠦ᠍ ᠰᠦ᠋ ᠶ᠋ᠢᠨ ᠪᠥᠬᠥ᠌ ᠪᠥᠮᠪᠥᠷᠴᠡᠭ ᠤ᠋ᠨ ᠤᠶᠤᠨᠴᠢ ᠬᠡᠪ ᠳᠠᠭᠤᠷᠢᠶᠠᠯ ᠤ᠋ᠨ ᠰᠠᠭᠤᠷᠢᠨ ᠤ᠋ ᠡᠳᠦᠷ ᠳᠤᠮᠳᠠᠴᠢ ᠶ᠋ᠢᠨ ᠰᠦ ᠦᠢᠯᠡᠳᠪᠦᠷᠢᠯᠡᠬᠦ ᠴᠢᠳᠠᠪᠤᠷᠢ ᠨᠢ 6500 ᠲᠣᠨ ᠳ᠋ᠤ ᠬᠦᠷᠴᠦ᠍᠂ ᠪᠥᠬᠥ᠌ ᠶᠠᠪᠤᠴᠠ ᠶ᠋ᠢᠨ ᠤᠶᠤᠨᠴᠢᠯᠠᠯᠲᠠ ᠵᠢ ᠪᠡᠶᠡᠯᠡᠭᠦᠯᠦᠨ᠂ ᠵᠢᠯ ᠳ᠋ᠤ 6 ᠲᠦᠮᠡᠨ ᠲᠣᠨ ᠨᠢᠯᠬ᠎ᠠ ᠬᠡᠦᠬᠡᠳ ᠤ᠋ᠨ ᠰᠦᠨ ᠲᠠᠯᠬ᠎ᠠ᠂ 20 ᠲᠦᠮᠡᠨ ᠲᠣᠨ ᠪᠢᠰᠢᠯᠠᠭ ᠦᠢᠯᠡᠳᠪᠦᠷᠢᠯᠡᠵᠦ ᠪᠠᠢᠳᠠᠭ ᠡᠴᠡ ᠣᠯᠠᠨ ᠤᠯᠤᠰ ᠤ᠋ᠨ ᠴᠠᠭᠠᠨ ᠢᠳᠡᠭᠡᠨ ᠤ᠋ ᠬᠤᠯᠪᠤᠭᠠᠲᠤ ᠬᠤᠷᠠᠯ ᠤ᠋ᠨ ᠲᠡᠷᠢᠭᠦᠯᠡᠭᠴᠢ ᠫᠢᠸᠷᠺᠸᠷᠢᠰᠲ᠋ᠢᠶᠠᠨ᠋ᠦ᠌· ᠪᠷᠠᠵᠠᠯᠸ ᠡᠬᠦᠨ ᠢ᠋ ᠪᠦᠬᠦ ᠪᠦᠮᠪᠦᠷᠴᠡᠭ ᠤ᠋ᠨ ᠴᠠᠭᠠᠨ ᠢᠳᠡᠭᠡᠨ ᠤ᠋ ᠦᠢᠯᠡᠰ ᠤ᠋ᠨ ᠦᠷᠬᠦᠯᠵᠢᠯᠡᠬᠦ ᠬᠦᠭᠵᠢᠯᠲᠡ ᠶ᠋ᠢᠨ 《ᠳᠤᠮᠳᠠᠳᠤ ᠤᠯᠤᠰ ᠤ᠋ᠨ ᠦᠯᠢᠭᠡᠷ ᠬᠡᠪ》 ᠬᠡᠮᠡᠨ ᠦᠨᠳᠤᠷ ᠦᠨᠡᠯᠡᠭᠰᠡᠨ ᠶᠤᠮ᠃
ᠬᠣᠷᠢᠨᠭᠡᠷ ᠰᠢᠶᠠᠨ ᠳ᠋ᠤ ᠪᠠᠢᠭ᠎ᠠ ᠮᠸᠩ ᠨᠢᠤ ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠠᠵᠤ ᠦᠢᠯᠡᠰ ᠤ᠋ᠨ ᠬᠦᠷᠢᠶᠡᠯᠡᠩ ᠨᠢ ᠤᠯᠤᠰ ᠤ᠋ᠨ ᠳᠣᠲᠣᠭᠠᠳᠤ ᠶ᠋ᠢᠨ ᠠᠩᠬᠠᠳᠠᠭᠴᠢ ᠦᠨᠢᠶᠡᠨ ᠰᠦ ᠶ᠋ᠢ ᠪᠦᠬᠦ᠌ ᠲᠦᠷᠦᠯ ᠵᠢᠡᠷ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢ ᠵᠢ ᠪᠠᠢᠭᠤᠯᠤᠨ᠂ ᠤᠷᠤᠢᠯᠠᠭᠰᠠᠨ ᠬᠠᠲᠠᠭᠤ ᠲᠤᠨᠤᠭᠯᠠᠯ ᠪᠣᠯᠤᠨ ᠪᠡᠶ᠎ᠡ ᠪᠡᠨ ᠳᠠᠭᠠᠭᠠᠭᠰᠠᠨ ᠭᠣᠣᠯᠯᠠᠬᠤ ᠮᠡᠷᠭᠡᠵᠢᠯ ᠤ᠋ᠨ ᠭᠦᠨᠵᠡᠭᠡᠢ ᠠᠭᠤᠰᠤᠯᠴᠠᠯ ᠢ᠋ ᠪᠡᠶᠡᠯᠡᠭᠦᠯᠵᠦ᠍᠂ ᠤᠯᠤᠰ ᠤ᠋ᠨ ᠳᠣᠲᠣᠭᠠᠳᠤ ᠶ᠋ᠢᠨ ᠦᠨᠢᠶᠡᠨ ᠰᠦ ᠶ᠋ᠢ ᠪᠦᠬᠦ᠌ ᠲᠦᠷᠦᠯ ᠵᠢᠡᠷ ᠨᠠᠷᠢᠯᠢᠭ ᠪᠣᠯᠪᠠᠰᠤᠷᠠᠭᠤᠯᠬᠤ ᠬᠣᠭᠣᠰᠣᠨ ᠢ᠋ ᠨᠦᠬᠦᠪᠦᠷᠢᠯᠡᠵᠤ᠂ ᠪᠦᠬᠦ ᠤᠯᠤᠰ ᠤ᠋ᠨ ᠴᠠᠭᠠᠨ ᠢᠳᠡᠭᠡᠨ ᠤ᠋ ᠦᠢᠯᠡᠰ ᠤ᠋ᠨ ᠲᠠᠩ ᠲᠦᠷᠦᠯ ᠤ᠋ᠨ ᠪᠦᠲᠦᠭᠡᠭᠳᠡᠭᠦᠨ ᠪᠣᠯᠪᠠᠰᠤᠷᠠᠭᠤᠯᠵᠤ ᠪᠠᠢᠭᠰᠠᠨ ᠡᠴᠡ ᠪᠦᠬᠦ᠌ ᠲᠦᠷᠦᠯ ᠤ᠋ᠨ ᠪᠦᠲᠦᠭᠡᠭᠳᠡᠭᠦᠨ ᠪᠣᠯᠪᠠᠰᠤᠷᠠᠭᠤᠯᠬᠤ ᠳᠡᠭᠡᠳᠦ ᠲᠡᠰ ᠤ᠋ᠨ ᠦᠷᠳᠡᠭ ᠤ᠋ᠨ ᠬᠡᠯᠬᠢᠶ᠎ᠡ ᠲᠡᠶ᠋ᠢᠰᠢ ᠤᠷᠤᠭᠰᠢᠯᠠᠬᠤ ᠵᠢ ᠠᠬᠢᠭᠤᠯᠪᠠ᠃
ᠡᠨᠡ 2 ᠶᠡᠬᠡ ᠬᠦᠷᠢᠶᠡᠯᠡᠩ ᠲᠣᠭᠣᠷᠢᠭ ᠨᠢ ᠳᠠᠪᠠᠭᠤᠯᠢᠭ ᠵᠢᠡᠨ ᠬᠠᠷᠢᠯᠴᠠᠨ ᠨᠦᠬᠦᠪᠦᠷᠢᠯᠡᠨ᠂ ᠤᠯᠤᠰ ᠤ᠋ᠨ ᠳᠣᠲᠣᠭᠠᠳᠤ ᠶ᠋ᠢᠨ ᠬᠡᠯᠬᠢᠶ᠎ᠡ ᠪᠡᠷ ᠬᠠᠮᠤᠭ ᠤ᠋ᠨ ᠪᠦᠷᠢᠨ᠂ ᠪᠣᠳᠠᠲᠤ᠌ ᠬᠦᠴᠦᠨ ᠵᠢᠡᠷ ᠬᠠᠮᠤᠭ ᠤ᠋ᠨ ᠴᠢᠩᠭ᠎ᠠ ᠴᠠᠭᠠᠨ ᠢᠳᠡᠭᠡᠨ ᠤ᠋ ᠠᠵᠤ ᠦᠢᠯᠡᠰ ᠤ᠋ᠨ ᠪᠦᠯᠦᠭᠵᠢᠯ ᠢ᠋ ᠪᠦᠷᠢᠯᠳᠦᠭᠦᠯᠵᠦ᠍᠂ ᠬᠥᠬᠡᠬᠣᠲᠠ ᠶ᠋ᠢᠨ ᠰᠦ ᠶ᠋ᠢᠨ ᠦᠢᠯᠡᠰ ᠤ᠋ᠨ ᠪᠥᠬᠥ᠌ ᠤᠯᠤᠰ ᠲᠤ᠌ ᠲᠦᠷᠦᠬᠦᠯᠡᠨ᠂ ᠳᠡᠯᠡᠬᠡᠢ ᠶ᠋ᠢᠨ ᠲᠦᠪᠰᠢᠨ ᠶ᠋ᠢᠡᠷ ᠪᠠᠷᠢᠮᠵᠢᠶᠠᠯᠠᠭᠰᠠᠨ ᠠᠴᠢᠶᠠᠯᠠᠭᠴᠢ ᠪᠤᠯᠵᠠᠢ᠃

ᠬᠤᠷᠠᠯ ᠳ᠋ᠦ ᠤᠷᠤᠯᠴᠠᠭᠰᠠᠳ
ᠪᠦᠬᠦ᠌ ᠬᠡᠯᠬᠢᠶ᠎ᠡ ᠪᠡᠷ ᠰᠠᠭᠤᠷᠢ ᠵᠢ ᠪᠡᠬᠢᠵᠢᠭᠦᠯᠵᠦ ᠪᠡᠶᠡᠪᠡᠨ ᠳᠠᠭᠠᠭᠠᠭᠰᠠᠨ ᠡᠵᠡᠮᠳᠡᠵᠦ᠍ ᠪᠤᠯᠬᠤ ᠠᠵᠤ ᠦᠢᠯᠡᠰ ᠤ᠋ᠨ ᠰᠢᠰᠲ᠋ᠧᠮ ᠢ᠋ ᠪᠠᠢᠭᠤᠯᠪᠠ
20 ᠭᠠᠷᠤᠶ ᠵᠢᠯ ᠤ᠋ᠨ ᠲᠤᠷᠰᠢ᠂ ᠬᠥᠬᠡᠬᠣᠲᠠ ᠪᠥᠬᠥ᠌ ᠬᠡᠯᠬᠢᠶ᠎ᠡ ᠵᠢ ᠪᠠᠶ᠋ᠢᠷᠢᠰᠢᠭᠤᠯᠤᠨ ᠪᠥᠬᠥ᠌ ᠭᠣᠭᠴᠣᠭ᠎ᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠵᠦ᠂ ᠡᠪᠡᠰᠦ ᠪᠤᠷᠳᠤᠭ᠎ᠠ᠂ ᠲᠡᠵᠢᠭᠡᠨ ᠦᠷᠡᠵᠢᠭᠦᠯᠬᠦ᠌ ᠪᠠ ᠪᠤᠯᠪᠠᠰᠤᠷᠠᠭᠤᠯᠬᠤ ᠠᠵᠤ ᠦᠢᠯᠡᠰ ᠤ᠋ᠨ ᠰᠠᠭᠤᠷᠢ ᠵᠢ ᠪᠡᠬᠢᠵᠢᠭᠦᠯᠦᠨ᠂ ᠠᠮᠤᠷ ᠲᠦᠪᠰᠢᠨ ᠲᠣᠭᠲᠠᠭᠤᠨ᠂ ᠪᠡᠶ᠎ᠡ ᠪᠡᠨ ᠳᠠᠭᠠᠭᠠᠵᠤ ᠡᠵᠡᠮᠳᠡᠵᠦ᠍ ᠪᠤᠯᠬᠤ᠂ ᠴᠢᠨᠠᠷ ᠰᠠᠶ᠋ᠢᠲᠠᠶ ᠥᠨᠳᠥᠷ ᠪᠦᠲᠦᠮᠵᠢᠲᠡᠶ ᠣᠳᠣᠬᠢᠴᠢᠯᠠᠭᠰᠠᠨ ᠴᠠᠭᠠᠨ ᠢᠳᠡᠭᠡᠨ ᠤ᠋ ᠠᠵᠤ ᠦᠢᠯᠡᠰ ᠤ᠋ᠨ ᠰᠢᠰᠲ᠋ᠧᠮ ᠢ᠋ ᠪᠠᠶ᠋ᠢᠭᠤᠯᠪᠠ᠃ 2025 ᠣᠨ ᠳ᠋ᠤ ᠬᠦᠬᠡᠬᠤᠳᠠ ᠶ᠋ᠢᠨ ᠴᠠᠭᠠᠨ ᠢᠳᠡᠭᠡᠨ ᠤ᠋ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠡᠵᠡᠩᠨᠡᠯᠲᠡ ᠶ᠋ᠢᠨ ᠣᠷᠣᠯᠭ᠎ᠠ 3000 ᠳ᠋ᠦᠩᠰᠢᠭᠤᠷ ᠲᠥᠭᠥᠷᠢᠭ ᠢ᠋ ᠳᠠᠪᠠᠵᠤ᠂ ᠤᠯᠤᠰ ᠤ᠋ᠨ ᠲᠡᠷᠢᠭᠦᠨ ᠤ᠋ ᠦᠢᠯᠡᠳᠬᠦ ᠦᠢᠯᠡᠰ ᠤ᠋ᠨ ᠪᠦᠯᠦᠭᠵᠢᠯ ᠳ᠋ᠤ ᠰᠤᠡᠭᠭᠤᠳᠠᠨ᠂ ᠠᠵᠤ ᠦᠢᠯᠡᠰ ᠰᠠᠭᠤᠷᠢ ᠪᠠᠨ ᠤᠯᠠᠮ ᠨᠢᠭᠡ ᠠᠯᠬᠤᠮ ᠪᠡᠬᠢᠵᠢᠭᠦᠯᠪᠡ᠃
ᠲᠡᠵᠢᠭᠡᠯ ᠡᠪᠡᠰᠦᠨ ᠤ᠋ ᠦᠪᠡᠷ ᠢ᠋ ᠪᠠᠨ ᠬᠠᠡᠭᠭᠠᠬᠤ ᠪᠤᠭᠤᠮᠢ ᠶ᠋ᠢᠨ ᠠᠰᠠᠭᠤᠳᠠᠯ ᠢ᠋ ᠰᠢᠢᠳᠪᠦᠷᠢᠯᠡᠪᠡ᠃ ᠬᠥᠬᠡᠬᠣᠲᠠ 《ᠬᠦᠬᠡ ᠳᠠᠷᠤᠰᠢ ᠶ᠋ᠢᠨ ᠡᠷᠳᠡᠨᠢ ᠰᠢᠰᠢ + ᠴᠠᠷᠭᠠᠰᠤ + ᠨᠣᠬᠠᠶ ᠶ᠋ᠢᠨ ᠬᠣᠰᠢᠭᠤ》 ᠭᠤᠷᠪᠠᠨ ᠡᠰᠢᠲᠦ᠍ ᠲᠡᠵᠢᠭᠡᠯ ᠡᠪᠡᠰᠦᠨ ᠤ᠋ ᠪᠦᠲᠦᠴᠡ ᠵᠢ ᠪᠦᠷᠢᠯᠳᠦᠭᠦᠯᠵᠦ᠂ ᠪᠥᠬᠥ᠌ ᠤᠯᠤᠰ ᠤ᠋ᠨ ᠬᠠᠮᠤᠭ ᠤ᠋ᠨ ᠶᠡᠬᠡ ᠲᠡᠵᠢᠭᠡᠯ ᠡᠪᠡᠰᠦᠨ ᠤ᠋ ᠦᠷ᠎ᠡ ᠡᠳ᠋ ᠤ᠋ᠨ ᠡᠬᠢ ᠪᠠᠶᠠᠯᠢᠭ ᠤ᠋ᠨ ᠬᠥᠮᠥᠷᠭᠡ ᠵᠢ ᠪᠠᠶ᠋ᠢᠭᠤᠯᠪᠠ᠃ 2025 ᠣᠨ ᠤ᠋ ᠰᠡᠬᠦᠯᠴᠢ ᠪᠤᠯᠬᠤ ᠳ᠋ᠤ ᠪᠥᠬᠥ᠌ ᠬᠣᠲᠠ ᠶ᠋ᠢᠨ ᠰᠦᠯ ᠰᠠᠢᠲᠠᠢ ᠲᠡᠵᠢᠭᠡᠯ ᠡᠪᠡᠰᠦᠨ ᠤ᠋ ᠰᠠᠭᠤᠷᠢᠨ 160 ᠲᠦᠮᠡᠨ ᠮᠥ᠍ ᠳ᠋ᠤ ᠬᠦᠷᠴᠦ᠍᠂ ᠵᠢᠯ ᠤ᠋ᠨ ᠰᠦᠯ ᠰᠠᠢᠲᠠᠢ ᠲᠡᠵᠢᠭᠡᠯ ᠡᠪᠡᠰᠦᠨ ᠤ᠋ ᠭᠠᠷᠤᠯᠲᠠ 400 ᠲᠦᠮᠡᠨ ᠲᠣᠨ ᠳ᠋ᠦ ᠬᠦᠷᠴᠦ᠂ ᠡᠪᠡᠰᠦ ᠪᠣᠷᠳᠣᠭᠠᠨ ᠤ᠋ ᠪᠦᠬᠦᠯᠢ ᠴᠣᠭᠴᠠ ᠶ᠋ᠢᠨ ᠥᠪᠡᠷ ᠢ᠋ ᠪᠡᠨ ᠬᠠᠩᠭᠠᠬᠤ ᠨᠣᠷᠮ᠎ᠠ 80% ᠵᠢ ᠳᠠᠪᠠᠨ᠂ ᠬᠦᠬᠡ ᠳᠠᠷᠤᠰᠢ ᠶ᠋ᠢᠨ ᠡᠷᠳᠡᠨᠢ ᠰᠢᠰᠢ᠂ ᠨᠣᠬᠠᠶ ᠶ᠋ᠢᠨ ᠬᠣᠰᠢᠭᠤ ᠵᠢ 100% ᠪᠡᠷ ᠦᠪᠡᠰᠦᠪᠡᠨ ᠬᠠᠩᠭᠠᠬᠤ ᠪᠤᠯᠵᠠᠢ᠃ 2026 ᠣᠨ ᠳ᠋ᠤ ᠨᠤᠲᠤᠭᠰᠢᠭᠰᠠᠨ ᠡᠪᠡᠰᠦᠨ ᠤ᠋ ᠦᠢᠯᠡᠰ ᠤ᠋ᠨ ᠤᠯᠤᠰ ᠤ᠋ᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠲᠥᠪ ᠲᠦ᠍ ᠲᠦᠰᠢᠭᠯᠡᠨ᠂ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠦᠯᠬᠦᠮ ᠤ᠋ᠨ ᠬᠢᠨ ᠦᠷᠭᠦᠯᠵᠢᠯᠡᠨ ᠪᠣᠭᠣᠮᠲᠠ ᠰᠢᠪᠲᠤᠯᠵᠤ᠂ ᠪᠦᠳᠦᠭᠦᠯᠢᠭ ᠤᠭᠤᠷᠠᠭ ᠤ᠋ᠨ ᠠᠭᠤᠯᠤᠭᠳᠠᠴᠠ ᠨᠢ 18% ᠵᠢ ᠳᠠᠪᠠᠭᠰᠠᠨ ᠤᠯᠤᠰ ᠲᠠᠭᠠᠨ ᠲᠠᠷᠢᠭᠰᠠᠨ ᠣᠨᠴᠠ ᠲᠠᠰ ᠤ᠋ᠨ ᠴᠠᠷᠭᠠᠰᠤ ᠶ᠋ᠢᠨ ᠰᠢᠨ᠎ᠡ ᠡᠭᠦᠯᠳᠡᠷ ᠢ᠋ ᠪᠣᠶ᠋ᠢᠵᠢᠭᠤᠯᠤᠨ᠂ ᠭᠠᠳᠠᠭᠠᠳᠤ ᠡᠴᠡ ᠣᠷᠣᠭᠤᠯᠤᠭᠰᠠᠨ ᠴᠠᠷᠭᠠᠰᠤ ᠵᠢᠨ ᠦᠷ᠎ᠠ ᠳ᠋ᠤ ᠲᠦᠰᠢᠭᠯᠡᠬᠦ᠌ ᠨᠣᠷᠮ᠎ᠠ ᠵᠢ 90% ᠪᠠᠢᠭᠰᠠᠨ ᠡᠴᠡ 50% ᠪᠤᠯᠲᠠᠯ᠎ᠠ ᠪᠠᠭᠤᠷᠠᠭᠤᠯᠵᠤ᠂ ᠰᠦᠯ ᠰᠠᠶ᠋ᠢᠲᠠᠶ ᠲᠡᠵᠢᠭᠡᠯ ᠡᠪᠡᠰᠦ ᠶ᠋ᠢᠨ ᠭᠠᠳᠠᠭᠠᠳᠤ ᠳ᠋ᠤ ᠲᠦᠰᠢᠭᠯᠡᠵᠦ ᠪᠠᠢᠭᠰᠠᠨ ᠠᠵᠢᠯ ᠲᠥᠷᠥᠯ ᠤ᠋ᠨ ᠬᠦᠴᠢᠷ ᠠᠰᠠᠭᠤᠳᠠᠯ ᠢ᠋ ᠪᠦᠲᠦᠮᠵᠢᠲᠡᠶ ᠰᠢᠢᠳᠪᠦᠷᠢᠯᠡᠨ᠂ ᠰᠦ ᠶ᠋ᠢᠨ ᠦᠢᠯᠡᠰ ᠤ᠋ᠨ ᠬᠦᠭᠵᠢᠯᠳᠡ ᠵᠢᠨ ᠠᠮᠤᠷ ᠲᠦᠪᠰᠢᠨ ᠤ᠋ ᠰᠠᠭᠤᠷᠢ ᠵᠢ ᠪᠡᠬᠢᠵᠢᠭᠦᠯᠪᠡ᠃
ᠬᠡᠪᠴᠢᠶᠡᠵᠢᠭᠦᠯᠦᠨ ᠲᠡᠵᠢᠭᠡᠨ ᠦᠷᠡᠵᠢᠭᠦᠯᠵᠦ᠍᠂ ᠪᠥᠬᠥ᠌ ᠤᠯᠤᠰ ᠤ᠋ᠨ ᠲᠡᠷᠢᠭᠦᠨ ᠲᠠᠰ ᠤ᠋ᠨ ᠰᠦ᠋ ᠶ᠋ᠢᠨ ᠢᠷᠡᠯᠲᠡ ᠶ᠋ᠢᠨ ᠰᠠᠭᠤᠷᠢᠨ ᠢ᠋ ᠪᠠᠢᠭᠤᠯᠪᠠ᠃ ᠬᠥᠬᠡᠬᠣᠲᠠ ᠲᠡᠵᠢᠭᠡᠨ ᠦᠷᠡᠵᠢᠭᠦᠯᠬᠦ᠌ ᠵᠢ ᠪᠠᠷᠢᠮᠵᠢᠶᠠᠵᠢᠭᠤᠯᠵᠤ᠂ ᠡᠷᠴᠢᠮᠵᠢᠭᠦᠯᠦᠨ ᠲᠠᠰ ᠳᠡᠪᠰᠢᠭᠦᠯᠬᠦ᠌ ᠵᠢ ᠦᠷᠭᠦᠯᠵᠢᠯᠡᠨ ᠠᠬᠢᠭᠤᠯᠵᠤ᠂ 2025 ᠣᠨ ᠤ᠋ ᠰᠡᠬᠦᠯᠴᠢ ᠪᠣᠯᠬᠤ ᠳ᠋ᠤ ᠪᠥᠬᠥ᠌ ᠬᠣᠲᠠ ᠳ᠋ᠤ 100 ᠡᠴᠡ ᠲᠠᠬᠡᠭᠰᠢ ᠰᠠᠭᠠᠯᠢ ᠵᠢᠨ ᠮᠠᠯ ᠲᠠᠵᠢᠬᠡᠬᠦ ᠬᠡᠪᠴᠢᠶᠡᠵᠢᠭᠰᠡᠨ ᠲᠠᠵᠢᠬᠡᠪᠤᠷᠢ ᠵᠢᠨ ᠲᠠᠯᠠᠪᠠᠶ 142 ᠪᠤᠯᠵᠤ ᠨᠡᠮᠡᠭᠳᠡᠵᠡᠢ᠃ ᠡᠭᠦᠨ ᠳ᠋ᠤ 3000 ᠡᠴᠡ ᠲᠡᠬᠡᠭᠰᠢ ᠰᠠᠭᠠᠯᠢ ᠵᠢᠨ ᠮᠠᠯ ᠲᠠᠵᠢᠬᠡᠬᠦ ᠲᠠᠯᠠᠪᠠᠶ 48᠂ 10000 ᠡᠴᠡ ᠲᠡᠬᠡᠭᠰᠢ ᠰᠠᠭᠠᠯᠢ ᠵᠢᠨ ᠮᠠᠯ ᠲᠠᠵᠢᠬᠡᠬᠦ ᠲᠠᠯᠠᠪᠠᠶ 8 ᠪᠠᠢᠵᠤ᠂ ᠰᠠᠭᠠᠯᠢ ᠶ᠋ᠢᠨ ᠦᠨᠢᠶ᠎ᠡ 39.5 ᠲᠦᠮᠡ᠂ ᠰᠠᠭᠠᠯᠢ ᠶ᠋ᠢᠨ ᠮᠠᠯ ᠤ᠋ᠨ ᠶᠡᠷᠦᠩᠬᠡᠶ ᠲᠣᠭ᠎ᠠ 46.5 ᠲᠦᠮᠡ ᠳ᠋ᠤ ᠬᠦᠷᠴᠦ᠂ ᠰᠦ ᠶ᠋ᠢᠨ ᠲᠥᠷᠥᠯ ᠤ᠋ᠨ ᠶᠡᠷᠦᠩᠬᠡᠶ ᠭᠠᠷᠤᠯᠲᠠ ᠨᠢ 235 ᠲᠦᠮᠡᠨ ᠲᠣᠨ ᠳ᠋ᠤ ᠬᠦᠷᠦᠭᠰᠡᠨ ᠪᠠᠢᠨ᠎ᠠ᠃
ᠪᠦᠬᠦ᠌ ᠤᠯᠤᠰ ᠲᠤ᠌ ᠤᠷᠤᠢᠯᠠᠭᠰᠠᠨ ᠰᠠᠭᠠᠯᠢ ᠶ᠋ᠢᠨ ᠦᠨᠢᠶᠡᠨ ᠤ᠋ ᠡᠭᠦᠯᠳᠡᠷ ᠤ᠋ᠨ ᠢᠷᠡᠯᠲᠡ ᠲᠠᠢ ᠪᠤᠯᠪᠠ᠃ ᠤᠳᠤ ᠬᠦᠬᠡᠬᠤᠲᠠ ᠵᠢᠯ ᠳ᠋ᠤ 300 ᠲᠦᠮᠡᠨ ᠰᠢᠷᠬᠡᠭ ᠢᠴᠡᠭᠡᠯ ᠦᠷ᠎ᠡ᠂ 100 ᠲᠦᠮᠡᠨ ᠰᠢᠷᠬᠡᠭ ᠬᠦᠢᠰᠦ ᠶ᠋ᠢᠨ ᠢᠯᠭᠠᠯ ᠢ᠋ ᠡᠵᠡᠮᠳᠡᠭᠰᠡᠨ ᠢᠴᠡᠭᠡᠯ ᠦᠷ᠎ᠡ᠂ 2 ᠲᠦᠮᠡᠨ ᠬᠦᠪᠦᠷᠡᠯ ᠦᠢᠯᠡᠳᠪᠦᠷᠢᠯᠡᠬᠦ ᠵᠢᠨ ᠬᠠᠮᠳᠤ ᠰᠠᠭᠠᠯᠢ ᠶ᠋ᠢᠨ ᠦᠨᠢᠶᠡᠨ ᠤ᠋ ᠦᠢᠯᠡᠳᠪᠦᠷᠢᠯᠡᠯ ᠤ᠋ᠨ ᠴᠢᠳᠠᠪᠬᠢ ᠵᠢ ᠬᠡᠮᠵᠢᠨ ᠲᠣᠭᠲᠠᠭᠠᠬᠤ 4 ᠲᠥᠪ ᠢ᠋ ᠢᠵᠢ ᠪᠦᠷᠢᠳᠦᠬᠦᠯᠦᠨ ᠪᠠᠢᠭᠤᠯᠵᠤ᠂ 10 ᠲᠦᠮᠡ ᠡᠴᠡ ᠳᠡᠭᠡᠭᠰᠢᠬᠢ ᠰᠠᠭᠠᠯᠢ ᠶ᠋ᠢᠨ ᠦᠨᠢᠶ᠎ᠠ ᠵᠢ ᠪᠠᠶ᠋ᠢᠴᠠᠭᠠᠨ ᠰᠢᠯᠭᠠᠵᠤ ᠬᠡᠮᠵᠢᠨ ᠲᠤᠭᠳᠠᠭᠠᠬᠤ ᠬᠡᠷᠡᠭᠴᠡᠭᠡ ᠱᠠᠭᠠᠷᠳᠠᠯᠭ᠎ᠠ ᠵᠢ ᠬᠠᠡᠭᠭᠠᠵᠤ ᠲᠠᠢᠯᠬᠦ ᠪᠤᠯᠵᠠᠢ᠃ ᠲᠤᠬᠠᠢ ᠶ᠋ᠢᠨ ᠭᠠᠵᠠᠷ ᠲᠠᠭᠠᠨ ᠪᠣᠶ᠋ᠢᠵᠢᠭᠤᠯᠤᠭᠰᠠᠨ ᠪᠤᠬ᠎ᠠ ᠶ᠋ᠢᠨ GTPI ᠶ᠋ᠢᠨ ᠭᠦᠢᠴᠡᠳᠬᠡᠯ ᠲᠣᠭ᠎ᠠ ᠨᠢ ᠪᠥᠬᠥ᠌ ᠤᠯᠤᠰ ᠲᠤ᠌ ᠲᠦᠷᠦᠬᠦᠯᠡᠵᠤ᠂ ᠰᠦ ᠰᠠᠶ᠋ᠢᠲᠠᠶ ᠰᠠᠭᠠᠯᠢ ᠶ᠋ᠢᠨ ᠦᠨᠢᠶ᠎ᠡ ᠵᠢ ᠦᠷᠡᠵᠢᠭᠦᠯᠦᠨ ᠪᠣᠶ᠋ᠢᠵᠢᠭᠤᠯᠬᠤ ᠳ᠋ᠤ ᠭᠤᠤᠯᠯᠠᠬᠤ ᠡᠭᠦᠯᠳᠡᠷ ᠤ᠋ᠨ ᠢᠷᠡᠯᠲᠡ ᠶ᠋ᠢᠨ ᠲᠤᠯᠭᠠᠭᠤᠷᠢᠯᠠᠯ ᠬᠠᠡᠭᠭᠠᠵᠤ ᠪᠠᠢᠨ᠎ᠠ᠃
ᠨᠠᠷᠢᠯᠢᠭ ᠪᠤᠯᠪᠠᠰᠤᠷᠠᠭᠤᠯᠵᠤ᠂ ᠠᠵᠤ ᠦᠢᠯᠡᠰ ᠤ᠋ᠨ ᠦᠷᠳᠡᠭ ᠢ᠋ ᠳᠡᠭᠡᠭᠰᠢᠯᠡᠭᠦᠯᠪᠡ᠃ ᠪᠦᠬᠦ᠌ ᠬᠣᠲᠠ ᠳ᠋ᠦ 13 ᠳᠤᠮᠳᠠ ᠳᠤᠮᠤ ᠬᠡᠯᠪᠡᠷᠢ ᠶ᠋ᠢᠨ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠵᠢ ᠪᠠᠢᠷᠢᠰᠢᠭᠤᠯᠤᠨ᠂ ᠡᠳᠦᠷ ᠳᠤᠮᠳᠠᠴᠢ ᠪᠡᠷ 1.45 ᠲᠦᠮᠡᠨ ᠲᠣᠨ ᠰᠦ ᠪᠤᠯᠪᠠᠰᠤᠷᠠᠭᠤᠯᠵᠤ᠂ ᠪᠦᠬᠦ᠌ ᠤᠯᠤᠰ ᠤ᠋ᠨ ᠶᠡᠬᠡ ᠳᠤᠮᠳᠠ ᠬᠣᠲᠠ ᠶ᠋ᠢᠨ ᠲᠡᠷᠢᠭᠦᠨ ᠳ᠋ᠤ ᠤᠷᠤᠵᠤ ᠪᠠᠢᠬᠤ ᠪᠦᠬᠡᠳ ᠪᠠᠰᠠ ᠠᠵᠤ ᠦᠢᠯᠡᠰ ᠤ᠋ᠨ ᠪᠦᠲᠦᠴᠡ ᠵᠢ ᠲᠠᠰᠤᠷᠠᠯᠳᠠ ᠦᠬᠡᠢ ᠰᠢᠯᠢᠳᠡᠭᠵᠢᠭᠦᠯᠵᠤ᠂ ᠰᠢᠩᠭᠡᠨ ᠲᠥᠯᠥᠪᠲᠦ᠍ ᠰᠦ᠋᠂ ᠪᠢᠰᠢᠯᠠᠭ᠂ ᠤᠨᠴᠠᠯᠢᠭᠲᠦ ᠡᠮᠴᠢᠯᠡᠭᠡᠨ ᠳ᠋ᠦ ᠬᠡᠷᠡᠭᠯᠡᠬᠦ ᠢᠳᠡᠭᠡᠨ᠂ ᠴᠢᠳᠠᠮᠵᠢᠲᠤ᠌ ᠴᠢᠨᠠᠷᠲᠠᠶ ᠴᠠᠭᠠᠨ ᠢᠳᠡᠭᠡᠨ ᠵᠡᠷᠭᠡ ᠤᠯᠠᠨ ᠡᠰᠢᠵᠢᠭᠰᠡᠨ ᠬᠦᠭᠵᠢᠯᠲᠡ ᠶ᠋ᠢᠨ ᠪᠠᠢᠷᠢᠰᠢᠯ ᠢ᠋ ᠪᠠᠢᠭᠤᠯᠪᠠ᠃ 2025 ᠣᠨ ᠳ᠋ᠤ ᠬᠦᠬᠡᠬᠣᠲᠠ ᠶ᠋ᠢᠨ ᠪᠢᠰᠢᠯᠠᠭ ᠦᠢᠯᠡᠳᠪᠦᠷᠢᠯᠡᠬᠦ ᠴᠢᠳᠠᠪᠤᠷᠢ 4 ᠲᠦᠮᠡᠨ ᠲᠣᠨ ᠳ᠋ᠤ ᠬᠦᠷᠴᠦ᠍᠂ ᠰᠦᠨ ᠲᠡᠮᠦᠷᠲᠦ ᠤᠭᠤᠷᠠᠭ᠂ ᠳᠠᠪᠤᠰᠤ ᠥᠬᠡᠶ᠋ᠢᠳᠡᠭᠦᠯᠦᠭᠰᠡᠨ ᠰᠢᠷᠠᠰᠤᠨ ᠲᠠᠯᠬ᠎ᠠ ᠵᠡᠷᠭᠡ ᠥᠨᠳᠥᠷ ᠨᠡᠮᠡᠯᠲᠡ ᠥᠷᠲᠡᠭᠲᠦ᠍ ᠪᠦᠲᠦᠭᠡᠭᠳᠡᠭᠦᠨ ᠢ᠋ ᠤᠯᠤᠰ ᠲᠠᠭᠠᠨ ᠦᠢᠯᠡᠳᠪᠦᠷᠢᠯᠡᠬᠦ ᠵᠢ ᠪᠡᠶᠡᠯᠡᠭᠦᠯᠵᠦ᠍᠂ ᠦᠨᠢᠶᠡᠨ ᠰᠦ᠋ ᠶ᠋ᠢᠨ ᠡᠬᠢ ᠪᠠᠶᠠᠯᠢᠭ ᠢ᠋ ᠥᠨᠳᠥᠷ ᠪᠦᠲᠦᠮᠵᠢᠲᠡᠶ ᠠᠰᠢᠭᠯᠠᠬᠤ᠂ ᠥᠷᠲᠡᠭ ᠢ᠋ ᠨᠢ ᠬᠠᠮᠤᠭ ᠤ᠋ᠨ ᠶᠡᠬᠡ ᠪᠣᠯᠭᠠᠬᠤ ᠵᠢ ᠦᠨᠡᠨ ᠬᠦ᠌ ᠪᠡᠶᠡᠯᠡᠭᠦᠯᠪᠡ᠃

ᠶᠡᠬᠡ ᠬᠤᠷᠠᠯ ᠤ᠋ᠨ ᠠᠬᠤᠢ ᠲᠠᠯᠠᠪᠠᠢ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠶ᠋ᠢᠡᠷ ᠬᠦᠴᠦᠨ ᠤᠯᠭᠤᠵᠤ ᠳᠡᠯᠡᠬᠡᠶ ᠶ᠋ᠢᠨ ᠲᠠᠰ ᠤ᠋ᠨ ᠥᠨᠳᠥᠷᠯᠢᠭ ᠢ᠋ ᠪᠠᠶ᠋ᠢᠭᠤᠯᠪᠠ
ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠪᠣᠯ ᠬᠥᠬᠡᠬᠣᠲᠠ ᠶ᠋ᠢᠨ ᠰᠦ ᠶ᠋ᠢᠨ ᠦᠢᠯᠡᠰ ᠶ᠋ᠢᠡᠨ ᠳᠠᠭᠠᠯᠲᠠ ᠦᠢᠯᠡᠰ ᠪᠠᠢᠭᠰᠠᠨ ᠡᠴᠡ ᠳᠠᠭᠠᠭᠤᠯᠤᠭᠴᠢ ᠦᠢᠯᠡᠰ ᠪᠤᠯᠭᠠᠨ ᠬᠦᠭᠵᠢᠭᠦᠯᠦᠭᠰᠡᠨ ᠤ᠋ ᠨᠢᠭᠤᠴᠠ ᠵᠤᠷ ᠪᠣᠯᠤᠨ᠎ᠠ᠃ ᠲᠤᠰ ᠬᠤᠳᠠ ᠤᠯᠤᠰ ᠤ᠋ᠨ ᠲᠠᠰ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ 2 ᠶᠡᠬᠡ ᠲᠠᠪᠴᠠᠩ ᠳ᠋ᠤ ᠲᠦᠰᠢᠭᠯᠡᠨ ᠡᠭᠦᠯᠳᠡᠷ ᠤ᠋ᠨ ᠢᠷᠡᠯᠲᠡ᠂ ᠲᠡᠵᠢᠭᠡᠯ ᠡᠪᠡᠰᠦ ᠪᠠ ᠨᠠᠷᠢᠯᠢᠭ ᠪᠤᠯᠪᠠᠰᠤᠷᠠᠭᠤᠯᠬᠤ ᠭᠤᠷᠪᠠᠨ ᠶᠡᠬᠡ ᠵᠠᠩᠭᠢᠯᠠᠭ᠎ᠠ ᠶ᠋ᠢᠨ ᠬᠦᠷᠢᠶᠡᠨ ᠳ᠋ᠤ ᠠᠩᠬᠠᠷᠤᠯ ᠵᠢᠡᠨ ᠲᠥᠪᠯᠡᠷᠡᠭᠦᠯᠵᠦ᠍᠂《ᠪᠣᠭᠣᠮᠢ》 ᠶ᠋ᠢᠨ ᠮᠡᠷᠭᠡᠵᠢᠯ ᠢ᠋ ᠦᠷᠭᠦᠯᠵᠢᠯᠡᠨ ᠰᠢᠪᠲᠤᠯᠵᠤ᠂ ᠨᠢᠭᠡ ᠪᠦᠯᠦᠭ ᠠᠩᠬᠠᠨ ᠤ᠋ ᠡᠭᠦᠳᠦᠯᠲᠡ ᠶ᠋ᠢᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠦᠷ᠎ᠡ ᠪᠦᠲᠦᠭᠡᠯ ᠢ᠋ ᠪᠣᠳᠠᠲᠠᠶ ᠳ᠋ᠤ ᠨᠠᠶ᠋ᠢᠳᠠᠪᠤᠷᠢᠵᠢᠭᠤᠯᠤᠨ ᠤᠨᠳᠤᠤᠰᠢᠭᠤᠯᠵᠤ᠂ ᠳᠡᠯᠡᠬᠡᠶ ᠶ᠋ᠢᠨ ᠲᠠᠰ ᠤ᠋ᠨ ᠰᠦ ᠶ᠋ᠢᠨ ᠦᠢᠯᠡᠰ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠥᠨᠳᠥᠷᠯᠢᠭ ᠢ᠋ ᠪᠠᠶ᠋ᠢᠭᠤᠯᠪᠠ᠃
ᠳᠡᠭᠡᠳᠦ ᠳᠡᠰ ᠤ᠋ᠨ ᠰᠢᠨ᠎ᠡ ᠵᠢ ᠡᠭᠦᠳᠬᠦ ᠡᠬᠢ ᠪᠠᠶᠠᠯᠢᠭ ᠢ᠋ ᠴᠤᠭᠯᠠᠭᠤᠯᠪᠠ᠃ ᠬᠥᠬᠡᠬᠣᠲᠠ ᠪᠥᠬᠥ᠌ ᠤᠯᠤᠰ ᠤ᠋ᠨ ᠴᠣᠷ ᠤ᠋ᠨ ᠭᠠᠭᠴᠠ ᠴᠠᠭᠠᠨ ᠢᠳᠡᠭᠡᠨ ᠤ᠋ ᠦᠢᠯᠡᠰ ᠤ᠋ᠨ ᠤᠯᠤᠰ ᠤ᠋ᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠲᠥᠪ ᠲᠦ᠍ ᠲᠦᠰᠢᠭᠯᠡᠨ 10 ᠭᠠᠷᠤᠶ ᠠᠺᠠᠳᠧᠮᠢᠴᠢ᠂ 29 ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠂ 35 ᠳᠠᠭᠠᠭᠤᠯᠤᠭᠴᠢ ᠠᠵᠤ ᠠᠬᠤᠶ᠋ᠢᠯᠠᠯ ᠵᠢᠴᠢ 5000 ᠭᠠᠷᠤᠶ ᠰᠢᠨ᠎ᠡ ᠵᠢ ᠡᠭᠦᠳᠬᠦ᠌ ᠴᠢᠳᠠᠪᠤᠷᠢᠲᠠᠨ ᠢ᠋ ᠴᠤᠭᠯᠠᠷᠠᠭᠤᠯᠵᠤ᠂ 160 ᠭᠠᠷᠤᠶ ᠨᠢᠭᠡᠴᠢ ᠶ᠋ᠢᠨ ᠰᠢᠨ᠎ᠡ ᠵᠢ ᠡᠭᠦᠳᠬᠦ᠌ ᠬᠣᠯᠪᠣᠭᠠᠲᠤ᠌ ᠴᠣᠭᠴᠠ ᠵᠢ ᠵᠣᠬᠢᠶᠠᠨ ᠪᠠᠢᠭᠤᠯᠤᠨ᠂ ᠰᠠᠭᠠᠯᠢ ᠶ᠋ᠢᠨ ᠦᠨᠢᠶᠡᠨ ᠤ᠋ ᠡᠭᠦᠯᠳᠡᠷ ᠪᠣᠶ᠋ᠢᠵᠢᠭᠤᠯᠬᠤ᠂ ᠴᠠᠭᠠᠨ ᠢᠳᠡᠭᠡᠨ ᠪᠣᠯᠪᠠᠰᠤᠷᠠᠭᠤᠯᠬᠤ᠂ ᠠᠰᠢᠭᠲᠦ ᠪᠠᠺᠲ᠋ᠧᠷᠢ ᠵᠢ ᠰᠤᠳᠤᠯᠤᠨ ᠨᠡᠭᠡᠭᠡᠬᠦ᠌ ᠵᠡᠷᠭᠡ 27 ᠭᠤᠤᠯᠳᠠᠯᠭ᠎ᠠ ᠲᠠᠶ ᠬᠦᠷᠢᠶᠡᠨ ᠳ᠋ᠤ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠣᠭᠣᠮᠲᠠ ᠰᠢᠪᠲᠤᠯᠬᠤ ᠠᠵᠢᠯ ᠥᠷᠨᠢᠭᠦᠯᠵᠦ᠍᠂ ᠨᠡᠶ᠋ᠢᠲᠡ 316 ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠥᠷᠥᠯ ᠵᠦᠢᠯ ᠢ᠋ ᠬᠡᠷᠡᠭᠵᠢᠭᠦᠯᠦᠨ᠂ 191 ᠬᠤᠪᠢ ᠲᠤᠰᠬᠠᠶ ᠠᠰᠢᠭ ᠤ᠋ᠨ ᠡᠷᠬᠡ ᠵᠢ ᠭᠤᠶᠤᠴᠢᠯᠠᠨ ᠣᠯᠵᠤ᠂ ᠰᠦ ᠶ᠋ᠢᠨ ᠦᠢᠯᠡᠰ ᠤ᠋ᠨ ᠤᠷᠤᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠮᠵᠢ ᠵᠢ ᠡᠭᠦᠳᠴᠠᠢ᠃ ᠡᠪᠡᠰᠦᠨ ᠤ᠋ ᠦᠢᠯᠡᠰ ᠤ᠋ᠨ ᠤᠯᠤᠰ ᠤ᠋ᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠲᠥᠪ ᠡᠴᠡ ᠪᠠᠰᠠ ᠬᠦᠴᠦᠨ ᠣᠯᠭᠣᠵᠤ᠂ 《ᠡᠪᠡᠰᠦᠨ ᠤ᠋ ᠦᠢᠯᠡᠰ + ᠴᠠᠭᠠᠨ ᠢᠳᠡᠭᠡᠨ ᠤ᠋ ᠦᠢᠯᠡᠰ》 ᠤ᠋ᠨ ᠤᠯᠤᠰ ᠤ᠋ᠨ ᠳᠡᠰ ᠤ᠋ᠨ ᠲᠠᠪᠴᠠᠡᠭ ᠤ᠋ᠨ ᠬᠤᠯᠪᠤᠭᠠᠯᠠᠨ ᠬᠦᠳᠡᠯᠦᠯᠴᠡᠵᠦ ᠰᠢᠨ᠎ᠡ ᠵᠢ ᠡᠭᠦᠳᠬᠦ ᠪᠠᠢᠷᠢᠰᠢᠯ ᠢ᠋ ᠪᠦᠷᠢᠯᠳᠦᠭᠦᠯᠪᠡ᠃
ᠡᠭᠦᠯᠳᠡᠷ ᠤ᠋ᠨ ᠢᠷᠡᠯᠲᠡ ᠶ᠋ᠢᠨ ᠮᠡᠷᠭᠡᠵᠢᠯ ᠤ᠋ᠨ ᠲᠠᠯ᠎ᠠ ᠪᠡᠷ ᠰᠢᠪᠲᠤᠯᠤᠯᠲᠠ ᠭᠠᠷᠭᠠᠪᠠ᠃ 2024 ᠤᠨ ᠤ᠋ ᠰᠡᠭᠦᠯᠴᠢ ᠪᠡᠷ ᠬᠦᠬᠡᠬᠤᠳᠠ ᠳ᠋ᠤ ᠪᠠᠢᠭ᠎ᠠ ᠦᠪᠤᠷ ᠮᠤᠩᠭᠤᠯ ᠤ᠋ᠨ ᠶᠢᠦ ᠷᠠᠨ ᠮᠠᠯ ᠠᠵᠤ ᠠᠬᠤᠢ ᠶ᠋ᠢᠨ ᠰᠠᠢ ᠺᠸ ᠰᠢᠡᠭ ᠬᠢᠵᠠᠭᠠᠷᠳᠤ ᠺᠤᠮᠫᠠᠨᠢ ᠵᠢᠨ ᠬᠢᠨ ᠪᠡᠶ᠎ᠡ ᠪᠠᠨ ᠳᠠᠭᠠᠭᠠᠭᠰᠠᠨ ᠮᠡᠳᠡᠯᠭᠡ ᠶ᠋ᠢᠨ ᠦᠮᠴᠢᠯᠡᠯ ᠤ᠋ᠨ ᠡᠷᠭᠡ ᠲᠠᠢ ᠭᠸᠨ ᠤ᠋ ᠰᠢᠯᠭᠠᠨ ᠪᠠᠢᠴᠠᠭᠠᠯᠲᠠ ᠶ᠋ᠢᠨ ᠴᠢᠫ — 《ᠡᠭᠦᠯᠳᠡᠷ ᠪᠤᠢᠵᠢᠭᠤᠯᠬᠤ 1 ᠳ᠋ᠤᠭᠡᠷ ᠨᠤᠮᠸᠷᠲᠦ ᠴᠢᠫ》 ᠢ᠋ ᠰᠤᠳᠤᠯᠤᠨ ᠨᠡᠭᠡᠭᠡᠵᠦ᠂ ᠰᠠᠭᠠᠯᠢ ᠵᠢᠨ ᠦᠨᠢᠶᠡᠨ ᠤ᠋ ᠰᠢᠯᠢᠳᠡᠭ ᠡᠭᠦᠯᠳᠡᠷ ᠢ᠋ ᠰᠤᠡᠭᠭᠤᠬᠤ ᠴᠠᠭ ᠢ᠋ 4 ᠵᠢᠯ ᠪᠠᠢᠭᠰᠠᠨ ᠡᠴᠡ 45 ᠡᠳᠦᠷ ᠪᠤᠯᠭᠠᠨ ᠪᠤᠭᠤᠨᠢᠰᠬᠠᠵᠤ᠂ ᠦᠨᠳᠦᠷ ᠭᠠᠷᠤᠯᠲᠠ ᠲᠠᠢ᠂ ᠬᠡᠮ ᠬᠢᠵᠢᠭ ᠢ᠋ ᠡᠰᠡᠷᠭᠦᠴᠡᠬᠦ ᠴᠢᠳᠠᠪᠤᠷᠢ ᠪᠡᠷ ᠰᠠᠢᠨ᠂ ᠤᠷᠳᠤ ᠦᠷᠡᠵᠢᠯ ᠤ᠋ᠨ ᠬᠤᠭᠤᠴᠠᠭ᠎ᠠ ᠪᠦᠬᠦᠢ ᠰᠠᠭᠠᠯᠢ ᠶ᠋ᠢᠨ ᠦᠨᠢᠶᠡᠨ ᠤ᠋ ᠭᠸᠨ ᠤ᠋ ᠪᠦᠯᠦᠭ ᠤ᠋ᠨ ᠰᠢᠯᠭᠠᠨ ᠪᠠᠢᠴᠠᠭᠠᠯᠲᠠ ᠶ᠋ᠢᠨ ᠮᠡᠷᠭᠡᠵᠢᠯ ᠢ᠋ ᠪᠦᠷᠢᠮᠦᠰᠦᠨ ᠪᠡᠶ᠎ᠡ ᠪᠠᠨ ᠳᠠᠭᠠᠭᠠᠨ ᠡᠵᠡᠮᠳᠡᠬᠦ ᠪᠤᠯᠪᠠ᠃ ᠲᠤᠰ ᠮᠡᠷᠭᠡᠵᠢᠯ ᠨᠢ ᠭᠠᠳᠠᠭᠠᠳᠤ ᠶ᠋ᠢᠨ ᠤᠷᠳᠤ ᠬᠤᠭᠤᠴᠠᠭᠠᠨ ᠤ᠋ ᠭᠠᠭᠴᠠᠭᠠᠷ ᠡᠵᠡᠮᠰᠢᠯ ᠢ᠋ ᠲᠦᠢᠯᠪᠤᠷᠢᠲᠠᠢ ᠡᠪᠳᠡᠵᠤ᠂ ᠰᠠᠭᠠᠯᠢ ᠶ᠋ᠢᠨ ᠦᠨᠢᠶᠡᠨ ᠤ᠋ ᠰᠢᠯᠢᠳᠡᠭ ᠡᠭᠦᠯᠳᠡᠷ ᠢ᠋ ᠤᠯᠤᠰ ᠲᠠᠭᠠᠨ ᠪᠤᠢᠵᠢᠭᠤᠯᠵᠤ ᠪᠠᠷᠢᠮᠵᠢᠶᠠᠵᠢᠭᠤᠯᠤᠨ ᠦᠷᠡᠵᠢᠭᠦᠯᠬᠦ ᠳ᠋ᠦ ᠭᠤᠤᠯᠯᠠᠬᠤ ᠮᠡᠷᠭᠡᠵᠢᠯ ᠤ᠋ᠨ ᠲᠤᠯᠭᠠᠭᠤᠷᠢᠯᠠᠯ ᠬᠠᠡᠭᠭᠠᠭᠰᠠᠨ ᠪᠠᠢᠨ᠎ᠠ᠃
ᠨᠠᠷᠢᠯᠢᠭ ᠪᠣᠯᠪᠠᠰᠤᠷᠠᠭᠤᠯᠬᠤ ᠮᠡᠷᠭᠡᠵᠢᠯ ᠶ᠋ᠢᠡᠷ ᠪᠦᠬᠦ᠌ ᠲᠠᠯᠠᠬᠡᠢ ᠳ᠋ᠤ ᠲᠦᠷᠦᠬᠦᠯᠡᠵᠤ ᠪᠠᠢᠨ᠎ᠠ᠃ ᠰᠦᠨ ᠲᠡᠮᠦᠷᠲᠦ ᠤᠭᠤᠷᠠᠭ ᠨᠢ 《ᠰᠦ ᠶ᠋ᠢᠨ ᠰᠢᠵᠢᠷ ᠠᠯᠲᠠ》 ᠬᠡᠮᠡᠭᠳᠡᠵᠦ᠂ 10 ᠳᠤᠨ ᠲᠦᠬᠦᠭᠡᠢ ᠰᠦ ᠡᠴᠡ ᠰᠠᠶᠢ 1 ᠺᠢᠯᠤᠭ᠌ᠷᠠᠮ ᠰᠦᠨ ᠲᠡᠮᠦᠷᠲᠦ ᠤᠭᠤᠷᠠᠭ ᠪᠤᠯᠪᠠᠰᠤᠷᠠᠭᠤᠯᠵᠤ ᠲᠡᠢᠯᠳᠡᠭ ᠡᠴᠡ ᠬᠤᠪᠤᠷ ᠮᠦᠷᠳᠡᠬᠡᠨ ᠦᠨᠡᠲᠡᠢ ᠪᠠᠢᠵᠤ᠂ ᠮᠠᠨ ᠤ᠋ ᠤᠯᠤᠰ ᠤᠷᠲᠤ ᠬᠤᠭᠤᠴᠠᠭᠠᠨ ᠤ᠋ ᠲᠤᠷᠰᠢ ᠭᠠᠳᠠᠭᠠᠳᠤ ᠡᠴᠡ ᠤᠷᠤᠭᠤᠯᠬᠤ ᠳ᠋ᠦ ᠲᠦᠰᠢᠭᠯᠡᠵᠦ ᠪᠠᠢᠵᠠᠢ᠃ ᠡᠨᠡ ᠬᠦ᠌ ᠪᠠᠢᠳᠠᠯ ᠳ᠋ᠦ ᠴᠢᠭᠯᠡᠭᠦᠯᠦᠨ ᠬᠦᠬᠡᠬᠤᠲᠠ ᠶ᠋ᠢᠨ ᠰᠤᠳᠤᠯᠭᠠᠨ ᠤ᠋ ᠪᠦᠯᠬᠦᠮ ᠤ᠋ᠨ ᠬᠢᠨ 《ᠰᠦᠨ ᠲᠡᠮᠦᠷᠲᠦ ᠤᠭᠤᠷᠠᠭ ᠢ᠋ ᠬᠠᠨᠳᠤᠯᠭ᠎ᠠ ᠲᠠᠢ ᠪᠡᠷ ᠬᠠᠮᠠᠭᠠᠯᠠᠬᠤ ᠮᠡᠷᠭᠡᠵᠢᠯ》 ᠢ᠋ ᠠᠮᠵᠢᠯᠲᠠ ᠲᠠᠢ ᠪᠡᠷ ᠰᠤᠳᠤᠯᠤᠨ ᠨᠡᠭᠡᠭᠡᠵᠦ᠂ ᠡᠡᠭ ᠤ᠋ᠨ ᠲᠤᠯᠠᠭᠠᠨ ᠳ᠋ᠦ ᠲᠦᠭᠦᠬᠡᠢ ᠰᠦ ᠶ᠋ᠢᠨ ᠰᠦᠨ ᠲᠡᠮᠦᠷᠲᠦ ᠤᠭᠤᠷᠠᠭ ᠢ᠋ ᠬᠠᠳᠠᠭᠠᠯᠠᠬᠤ ᠨᠤᠷᠮ᠎ᠠ ᠵᠢ 10% ᠪᠠᠢᠭᠰᠠᠨ ᠡᠴᠡ 90% ᠵᠢ ᠳᠠᠪᠠᠲᠠᠯ᠎ᠠ ᠳᠡᠭᠡᠭᠰᠢᠯᠡᠭᠦᠯᠦᠨ᠂ ᠤᠯᠤᠰ ᠤ᠋ᠨ ᠳᠤᠲᠤᠭᠠᠳᠤ ᠶ᠋ᠢᠨ ᠮᠡᠷᠭᠡᠵᠢᠯ ᠤ᠋ᠨ ᠬᠤᠭᠤᠰᠤᠨ ᠢ᠋ ᠨᠦᠬᠦᠪᠦᠷᠢᠯᠡᠭᠰᠡᠨ ᠶ᠋ᠢᠡᠷ ᠪᠠᠷᠠᠬᠤ ᠦᠭᠡᠢ ᠭᠠᠳᠠᠭᠠᠳᠤ ᠶ᠋ᠢᠨ ᠵᠠᠡᠭᠬᠢᠯᠠᠭᠠ ᠶ᠋ᠢᠨ ᠮᠡᠷᠭᠡᠵᠢᠯ ᠤ᠋ᠨ ᠪᠡᠬᠢᠯᠠᠯᠲᠡ ᠵᠢ ᠡᠪᠳᠡᠵᠦ᠂ ᠳᠡᠯᠡᠬᠡᠢ ᠶ᠋ᠢᠨ ᠠᠡᠭᠬᠠᠨ ᠤ᠋ ᠡᠭᠦᠳᠦᠯᠲᠡ ᠵᠢ ᠪᠡᠶᠡᠯᠡᠭᠦᠯᠪᠡ᠃ ᠮᠸᠡᠭ ᠨᠢᠦ ᠪᠦᠯᠦᠭᠯᠡᠯ ᠤ᠋ᠨ ᠬᠢᠨ GOSS ᠰᠢᠰᠲ᠋ᠧᠮ ᠳ᠋ᠦ ᠲᠦᠰᠢᠭᠯᠡᠨ ᠳᠦᠭᠦᠬᠡᠢ ᠰᠦ ᠶ᠋ᠢᠨ ᠰᠢᠮ᠎ᠡ ᠲᠡᠵᠢᠭᠡᠯ ᠤ᠋ᠨ ᠪᠦᠷᠢᠯᠳᠦᠭᠦᠨ ᠢ᠋ ᠤᠨᠤᠴᠠᠲᠠᠢ ᠪᠡᠷ ᠢᠯᠭᠠᠨ ᠰᠠᠯᠭᠠᠵᠤ᠂ ᠳᠡᠭᠡᠳᠦ ᠳᠡᠰ ᠤ᠋ᠨ ᠰᠦ ᠶ᠋ᠢᠨ ᠲᠦᠭᠦᠭᠡᠢ ᠮᠠᠲᠸᠷᠢᠶᠠᠯ ᠢ᠋ ᠬᠡᠪᠴᠢᠶᠡᠵᠢᠭᠦᠯᠦᠨ ᠦᠢᠯᠡᠳᠪᠦᠷᠢᠯᠡᠬᠦ ᠵᠢ ᠪᠡᠶᠡᠯᠡᠭᠦᠯᠦᠨ᠂ ᠭᠤᠤᠯᠯᠠᠬᠤ ᠲᠦᠭᠦᠬᠡᠢ ᠮᠠᠲᠸᠷᠢᠶᠠᠯ ᠢ᠋ ᠭᠠᠳᠠᠭᠠᠳᠤ ᠡᠴᠡ ᠤᠷᠤᠭᠤᠯᠬᠤ ᠳ᠋ᠦ ᠲᠦᠰᠢᠭᠯᠡᠵᠦ ᠪᠠᠢᠭᠰᠠᠨ ᠪᠠᠢᠳᠠᠯ ᠢ᠋ ᠪᠦᠲᠦᠮᠵᠢᠲᠡᠢ ᠬᠤᠪᠢᠷᠠᠭᠤᠯᠵᠤ᠂ ᠤᠯᠤᠰ ᠤ᠋ᠨ ᠳᠤᠲᠤᠭᠠᠳᠤ ᠶ᠋ᠢᠨ ᠳᠡᠭᠡᠳᠦ ᠳᠡᠰ ᠤ᠋ᠨ ᠴᠠᠭᠠᠨ ᠢᠳᠡᠭᠡᠨ ᠤ᠋ ᠲᠤᠳᠠᠭᠤᠳᠠᠯ ᠢ᠋ ᠨᠦᠬᠦᠪᠦᠷᠢᠯᠡᠪᠡ᠃
ᠣᠶᠤᠨᠴᠢ ᠲᠡᠵᠢᠭᠡᠨ ᠦᠷᠡᠵᠢᠭᠦᠯᠬᠦ᠌ ᠦᠢᠯᠡᠰ ᠢ᠋ ᠪᠦᠬᠦ᠌ ᠲᠠᠯ᠎ᠠ ᠪᠠᠷ ᠲᠦᠭᠡᠮᠡᠯᠵᠢᠭᠦᠯᠪᠠ᠃ ᠶᠢᠦ ᠷᠠᠨ ᠮᠠᠯ ᠠᠵᠤ ᠠᠬᠤᠶ ᠶ᠋ᠢᠨ ᠬᠢᠵᠠᠭᠠᠷᠲᠤ ᠺᠤᠮᠫᠠᠨᠢ ᠪᠦᠬᠦ ᠶᠠᠪᠤᠴᠠ ᠶ᠋ᠢᠨ ᠠᠦ᠋ᠲ᠋ᠣᠴᠢᠯᠠᠭᠰᠠᠨ 《ᠠᠵᠢᠯᠴᠢᠨ ᠦᠭᠡᠢ ᠦᠬᠡᠷ ᠤ᠋ᠨ ᠰᠠᠷᠠᠪᠴᠢ》 ᠵᠢ ᠪᠠᠢᠭᠤᠯᠵᠤ᠂ ᠬᠤᠢ ᠮᠦ᠍ ᠶᠦ᠋ᠨ ᠰᠢᠰᠲᠸᠮ ᠳ᠋ᠦ ᠲᠦᠰᠢᠭᠯᠡᠨ ᠲᠤᠭᠠᠴᠢᠯᠠᠭᠰᠠᠨ ᠤᠶᠤᠨᠴᠢ ᠮᠡᠯᠵᠢᠯ ᠢ᠋ ᠪᠡᠶᠡᠯᠡᠭᠦᠯᠦᠭᠰᠡᠨ ᠪᠦᠬᠡᠳ ᠪᠠᠰᠠ ᠳᠠᠭᠠᠭᠤᠯᠢ ᠤᠳᠤᠨ ᠤ᠋ ᠠᠯᠤᠰ ᠰᠡᠷᠡᠯ᠂ ᠲᠤᠮᠤ ᠳ᠋ᠡᠢᠲ᠋ᠠ ᠶ᠋ᠢᠨ ᠲᠠᠪᠴᠠᠡᠭ ᠢ᠋ ᠬᠡᠷᠡᠭᠯᠡᠨ ᠡᠪᠡᠰᠦ ᠪᠤᠷᠳᠤᠭ᠎ᠠ ᠲᠠᠷᠢᠬᠤ ᠪᠦᠬᠦ ᠶᠠᠪᠤᠴᠠ ᠶ᠋ᠢᠨ ᠬᠠᠮᠢᠶᠠᠷᠤᠯᠲᠠ ᠵᠢ ᠪᠡᠶᠡᠯᠡᠭᠦᠯᠪᠠ ᠃ ᠬᠦᠬᠡᠬᠤᠳᠠ ᠴᠠᠭᠠᠨ ᠢᠳᠡᠭᠡᠨ ᠤ᠋ ᠠᠵᠤ ᠠᠬᠤᠢᠯᠠᠯ ᠤ᠋ᠨ 5G ᠠᠵᠤ ᠦᠢᠯᠡᠳᠪᠦᠷᠢ ᠶ᠋ᠢᠨ ᠢᠨᠲ᠋ᠧᠷ ᠰᠦᠯᠵᠢᠶ᠎ᠡ ᠵᠢ ᠪᠦᠬᠦ᠌ ᠲᠠᠯ᠎ᠠ ᠪᠠᠷ ᠲᠦᠭᠡᠮᠡᠯᠵᠢᠭᠦᠯᠵᠦ᠍᠂ ᠪᠦᠬᠦ᠌ ᠤᠯᠤᠰ ᠤ᠋ᠨ ᠴᠠᠭᠠᠨ ᠢᠳᠡᠭᠡᠨ ᠤ᠋ ᠦᠢᠯᠡᠰ ᠤ᠋ᠨ ᠠᠷᠠᠯᠵᠢᠶᠠᠨ ᠤ᠋ ᠲᠥᠪ ᠲᠦ᠍ ᠲᠦᠰᠢᠭᠯᠡᠨ ᠦᠢᠯᠡᠳᠪᠦᠷᠢᠯᠡᠬᠦ᠌᠂ ᠪᠤᠯᠪᠠᠰᠤᠷᠠᠭᠤᠯᠬᠤ᠂ ᠨᠡᠪᠲᠡᠷᠡᠭᠦᠯᠬᠦ ᠪᠦᠬᠦ᠌ ᠬᠡᠯᠬᠢᠶ᠎ᠠ ᠵᠢᠨ ᠲᠣᠭᠠᠴᠢᠯᠠᠭᠰᠠᠨ ᠬᠠᠮᠢᠶᠠᠷᠤᠯᠲᠠ ᠡᠵᠡᠮᠳᠡᠯ ᠢ᠋ ᠪᠡᠶᠡᠯᠡᠭᠦᠯᠵᠦ᠍᠂ ᠤᠶᠤᠨᠴᠢᠯᠠᠯᠲᠠ ᠪᠡᠷ ᠠᠵᠤ ᠦᠢᠯᠡᠰ ᠤ᠋ᠨ ᠰᠢᠨ᠎ᠡ ᠬᠥᠳᠡᠯᠭᠡᠬᠦ᠌ ᠡᠨᠧᠷᠭᠢ ᠵᠢ ᠦᠷᠭᠦᠯᠵᠢᠯᠡᠨ ᠪᠠᠳᠠᠷᠠᠭᠤᠯᠵᠤ ᠪᠠᠢᠨ᠎ᠠ᠃

ᠦᠢᠯᠡᠳᠪᠦᠷᠢ ᠶ᠋ᠢᠨ ᠲᠠᠰᠤᠭ
ᠪᠣᠬᠢᠷᠲᠤᠯ ᠦᠭᠡᠢ ᠤᠶᠤᠨᠴᠢᠯᠠᠯᠲᠠ ᠲᠤᠭᠠᠴᠢᠯᠠᠯᠲᠠ ᠵᠢ ᠳᠡᠰ ᠳᠡᠪᠰᠢᠭᠦᠯᠵᠦ᠍ ᠪᠦᠬᠦ᠌ ᠲᠠᠯᠠᠬᠡᠢ ᠵᠢᠨ ᠴᠠᠭᠠᠨ ᠢᠳᠡᠭᠡᠨ ᠤ᠋ ᠦᠢᠯᠡᠰ ᠤ᠋ᠨ ᠦᠷᠭᠦᠯᠵᠢᠯᠡᠬᠦ᠌ ᠬᠥᠭᠵᠢᠯᠲᠡ ᠵᠢ ᠬᠥᠲᠥᠯᠥᠨ ᠳᠠᠭᠠᠭᠤᠯᠤᠨ᠎ᠠ
ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠍᠂ ᠣᠶᠤᠨᠴᠢ ᠥᠨᠳᠥᠷ ᠪᠦᠲᠦᠮᠵᠢᠲᠡᠶ ᠪᠠᠶ᠋ᠢᠬᠤ ᠪᠣᠯ ᠳᠡᠯᠡᠬᠡᠶ ᠶ᠋ᠢᠨ ᠲᠠᠰ ᠤ᠋ᠨ ᠰᠦ ᠶ᠋ᠢᠨ ᠦᠢᠯᠡᠰ ᠤ᠋ᠨ ᠬᠥᠭᠵᠢᠯᠲᠡ ᠶ᠋ᠢᠨ ᠭᠤᠤᠯ ᠪᠠᠷᠢᠮᠵᠢᠶ᠎ᠠ ᠪᠣᠯᠤᠨ᠎ᠠ᠃ ᠬᠥᠬᠡᠬᠣᠲᠠ ᠠᠮᠢ ᠠᠬᠤᠢ ᠵᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ᠌ ᠵᠢ ᠪᠠᠷᠢᠮᠲᠠᠯᠠᠨ᠂ ᠰᠦ ᠶ᠋ᠢᠨ ᠦᠢᠯᠡᠰ ᠤ᠋ᠨ ᠬᠡᠪᠴᠢᠶ᠎ᠡ ᠪᠡᠨ ᠥᠷᠭᠡᠳᠬᠡᠬᠦ᠌ ᠡᠴᠡ ᠶᠠᠰᠤ ᠴᠢᠨᠠᠷ ᠢ᠋ ᠬᠦᠲᠦᠯᠦᠨ ᠳᠠᠭᠠᠭᠤᠯᠬᠤ᠂ ᠤᠯᠠᠮᠵᠢᠯᠠᠯᠲᠤ᠌ ᠪᠦᠳᠦᠭᠦᠯᠢᠭ ᠬᠡᠯᠪᠡᠷᠢ ᠡᠴᠡ ᠪᠣᠬᠢᠷᠲᠤᠯ ᠦᠭᠡᠢ ᠤᠶᠤᠨᠴᠢᠯᠠᠭᠰᠠᠨ ᠲᠡᠶ᠋ᠢᠰᠢ ᠬᠤᠪᠢᠷᠠᠭᠤᠯᠬᠤ ᠵᠢ ᠠᠬᠢᠭᠤᠯᠵᠤ᠂ ᠪᠦᠬᠦ᠌ ᠪᠥᠮᠪᠥᠷᠴᠡᠭ ᠤ᠋ᠨ ᠰᠦ ᠶ᠋ᠢᠨ ᠦᠢᠯᠡᠰ ᠤ᠋ᠨ ᠦᠷᠭᠦᠯᠵᠢᠯᠡᠬᠦ᠌ ᠬᠥᠭᠵᠢᠯᠲᠡ ᠳ᠋ᠤ ᠳᠤᠮᠳᠠᠳᠤ ᠤᠯᠤᠰ ᠤ᠋ᠨ ᠲᠥᠰᠦᠯ ᠬᠠᠩᠭᠠᠪᠠ᠃
ᠳᠠᠭᠠᠭᠤᠯᠤᠭᠴᠢ ᠠᠵᠤ ᠠᠬᠤᠶ᠋ᠢᠯᠠᠯ ᠡᠴᠡ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠵᠢ ᠬᠥᠲᠥᠯᠥᠨ ᠳᠠᠭᠠᠭᠤᠯᠤᠨ᠎ᠠ᠃ ᠮᠸᠩ ᠨᠢᠤ ᠪᠦᠯᠦᠭᠯᠡᠯ GREEN ᠦᠷᠭᠦᠯᠵᠢᠯᠡᠬᠦ᠌ ᠬᠥᠭᠵᠢᠯᠲᠡ ᠶ᠋ᠢᠨ ᠪᠠᠶ᠋ᠢᠯᠳᠤᠬᠤ ᠪᠣᠳᠣᠯᠭ᠎ᠠ ᠵᠢ ᠪᠥᠬᠥ᠌ ᠲᠠᠯ᠎ᠠ ᠪᠠᠷ ᠨᠠᠶ᠋ᠢᠳᠠᠪᠤᠷᠢᠵᠢᠭᠤᠯᠤᠨ᠂ ESG ᠬᠠᠮᠢᠶᠠᠷᠤᠯᠲᠠ ᠵᠢ ᠬᠡᠮᠵᠢᠶᠡᠵᠢᠭᠦᠯᠦᠨ ᠨᠠᠢᠳᠠᠪᠤᠷᠢᠵᠢᠭᠤᠯᠵᠤ᠂ ᠰᠠᠨᠠᠭᠠᠴᠢᠯᠠᠭ᠎ᠠ ᠡᠴᠡ ᠪᠠᠨ ᠲᠠᠰ ᠳᠡᠪᠰᠢᠬᠦ᠌ ᠵᠢ ᠠᠬᠢᠭᠤᠯᠪᠠ᠃ 2026 ᠤᠨ ᠤ᠋ ᠳᠡᠯᠡᠬᠡᠢ ᠶ᠋ᠢᠨ ᠰᠦ ᠵᠢᠨ ᠦᠢᠯᠡᠰ ᠤ᠋ᠨ ᠶᠡᠬᠡ ᠬᠤᠷᠠᠯ ᠤ᠋ᠨ ᠬᠤᠭᠤᠴᠠᠭᠠᠨ ᠳ᠋ᠤ᠂ ᠮᠸᠩ ᠨᠢᠦ ᠪᠦᠯᠦᠭᠯᠡᠯ 《ᠨᠢᠭᠡ ᠪᠦᠰᠡ ᠨᠢᠭᠡ ᠵᠠᠮ》 ᠤ᠋ᠨ ᠪᠣᠬᠢᠷᠲᠤᠯ ᠦᠭᠡᠢ ᠬᠥᠭᠵᠢᠯᠲᠡ ᠶ᠋ᠢᠨ ᠤᠯᠠᠨ ᠤᠯᠤᠰ ᠤ᠋ᠨ ᠬᠣᠯᠪᠣᠭ᠎ᠠ ᠲᠠᠶ ᠬᠠᠮᠲᠤᠷᠠᠨ ᠲᠤᠰᠬᠠᠢ ᠰᠡᠳᠦᠪᠲᠦ᠍ ᠰᠣᠯᠢᠯᠴᠠᠭᠠᠨ ᠤ᠋ ᠬᠤᠷᠠᠯ ᠬᠢᠵᠤ᠂ ᠪᠣᠬᠢᠷᠲᠤᠯ ᠦᠭᠡᠢ ᠬᠠᠩᠭᠠᠯᠭ᠎ᠠ ᠶ᠋ᠢᠨ ᠬᠡᠯᠬᠢᠶ᠎ᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ᠂ ᠬᠠᠷᠢᠭᠤᠴᠠᠯᠭ᠎ᠠ ᠲᠠᠢ ᠪᠡᠷ ᠬᠤᠳᠠᠯᠳᠤᠨ ᠠᠪᠬᠤ ᠵᠡᠷᠭᠡ ᠵᠥᠪᠯᠡᠬᠦ᠌ ᠵᠦᠢᠯ ᠤ᠋ᠨ ᠲᠤᠭᠤᠷᠢᠨ ᠳ᠋ᠤ ᠰᠦ ᠶ᠋ᠢᠨ ᠦᠢᠯᠡᠰ ᠤ᠋ᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠦᠯᠭᠡ ᠶ᠋ᠢᠨ ᠲᠤᠷᠰᠢᠯᠭ᠎ᠠ ᠪᠠᠨ ᠬᠤᠪᠢᠶᠠᠯᠴᠠᠵᠤ᠂ ᠪᠦᠬᠦ᠌ ᠪᠥᠮᠪᠥᠷᠴᠡᠭ ᠤ᠋ᠨ ᠰᠦ ᠶ᠋ᠢᠨ ᠦᠢᠯᠡᠰ ᠤ᠋ᠨ ᠪᠣᠬᠢᠷᠲᠤᠯ ᠦᠭᠡᠢ ᠲᠡᠢᠰᠢ ᠳᠡᠰ ᠳᠡᠪᠰᠢᠬᠦ᠌ ᠳ᠋ᠤ ᠬᠦᠴᠦᠨ ᠨᠡᠮᠡᠷᠢᠯᠡᠪᠡ᠃
ᠪᠦᠬᠦ᠌ ᠬᠡᠯᠬᠢᠶ᠎ᠡ ᠶ᠋ᠢᠨ ᠪᠣᠬᠢᠷᠲᠤᠯ ᠦᠭᠡᠢ ᠡᠷᠭᠢᠯᠲᠡ ᠶ᠋ᠢᠨ ᠰᠢᠰᠲ᠋ᠧᠮ ᠢ᠋ ᠪᠠᠢᠭᠤᠯᠪᠠ᠃ ᠬᠥᠬᠡᠬᠣᠲᠠ ᠠᠮᠢ ᠠᠬᠤᠢ ᠶ᠋ᠢᠨ ᠬᠠᠮᠠᠭᠠᠯᠠᠯᠲᠠ ᠬᠢᠭᠡᠳ ᠠᠵᠤ ᠦᠢᠯᠡᠰ ᠤ᠋ᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ᠂ ᠬᠡᠪᠴᠢᠶᠡᠵᠢᠭᠰᠡᠨ ᠮᠠᠯᠵᠢᠯ ᠤ᠋ᠨ ᠲᠠᠯᠠᠪᠠᠢ ᠳ᠋ᠤ ᠢᠯᠭᠠᠳᠠᠰᠤᠨ ᠤ᠋ ᠪᠣᠬᠢᠷᠲᠤᠯ ᠢ᠋ ᠡᠬᠢ ᠪᠠᠶᠠᠯᠢᠭᠵᠢᠭᠤᠯᠤᠨ ᠠᠰᠢᠭᠯᠠᠬᠤ ᠵᠢ ᠪᠦᠬᠦ᠌ ᠲᠠᠯ᠎ᠠ ᠪᠠᠷ ᠬᠡᠷᠡᠭᠵᠢᠭᠦᠯᠵᠦ᠍᠂ ᠲᠡᠵᠢᠭᠡᠪᠦᠷᠢ ᠶ᠋ᠢᠨ ᠬᠠᠶᠠᠭᠳᠠᠮᠠᠯ ᠪᠣᠳᠠᠰ ᠢ᠋ ᠪᠢᠲᠡᠭᠦᠦ ᠬᠡᠯᠬᠢᠶ᠎ᠠ ᠪᠡᠷ ᠰᠢ᠌ᠳᠪᠦᠷᠢᠯᠡᠬᠦ᠌ ᠵᠠᠭᠪᠤᠷ ᠢ᠋ ᠪᠦᠷᠢᠯᠳᠦᠭᠦᠯᠪᠡ᠃ ᠲᠡᠵᠢᠭᠡᠯ ᠡᠪᠡᠰᠦ ᠳᠠᠷᠢᠬᠤ ᠳ᠋ᠤ ᠣᠶᠤᠨᠴᠢ ᠪᠠᠷ ᠤᠰᠤ ᠠᠷᠪᠢᠯᠠᠬᠤ᠂ ᠰᠢᠨᠵᠢᠯᠡᠬᠦ᠌ ᠤᠬᠠᠭᠠᠨᠴᠢ ᠪᠠᠷ ᠰᠡᠯᠭᠦᠨ ᠳᠠᠷᠢᠬᠤ ᠮᠡᠷᠭᠡᠵᠢᠯ ᠢ᠋ ᠳᠡᠯᠭᠡᠷᠡᠭᠦᠯᠵᠦ᠍᠂ ᠦᠢᠯᠡᠳᠪᠦᠷᠢᠯᠡᠯ ᠤ᠋ᠨ ᠴᠢᠳᠠᠪᠤᠷᠢ ᠵᠢ ᠪᠠᠲᠤᠯᠠᠬᠤ ᠶ᠋ᠢᠨ ᠬᠠᠮᠲᠤ᠌ ᠬᠥᠷᠥᠰᠥ᠍ ᠰᠢᠷᠣᠶ ᠶ᠋ᠢᠨ ᠡᠬᠢ ᠪᠠᠶᠠᠯᠢᠭ ᠢ᠋ ᠠᠷᠪᠢᠯᠠᠨ ᠭᠠᠮᠨᠠᠵᠤ᠂ ᠭᠠᠵᠠᠷ ᠰᠢᠷᠣᠶ ᠶ᠋ᠢᠨ ᠠᠮᠢ ᠠᠬᠤᠶ ᠵᠢ ᠵᠠᠰᠠᠨ ᠰᠡᠷᠭᠦᠭᠡᠵᠦ᠍᠂ ᠠᠵᠤ ᠦᠢᠯᠡᠰ ᠤ᠋ᠨ ᠦᠷ᠎ᠡ ᠠᠰᠢᠭ ᠢ᠋ ᠨᠡᠮᠡᠭᠳᠡᠭᠦᠯᠬᠦ᠌ ᠪᠠ ᠠᠮᠢ ᠠᠬᠤᠶ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ᠌ ᠬᠤᠤᠰ ᠠᠰᠢᠭ ᠢ᠋ ᠬᠦᠷᠲᠡᠵᠦ ᠪᠠᠢᠨ᠎ᠠ᠃
ᠲᠤᠭᠠᠴᠢᠯᠠᠯᠲᠠ ᠪᠠ ᠤᠶᠤᠨᠴᠢᠯᠠᠯᠲᠠ ᠪᠡᠷ ᠬᠦᠴᠦᠨ ᠤᠯᠭᠤᠵᠤ ᠦᠨᠳᠦᠷ ᠪᠦᠲᠦᠮᠵᠢᠲᠡᠢ ᠪᠠᠭ᠎ᠠ ᠨᠡᠭᠦᠷᠡᠰᠦᠲᠥ᠋ᠷᠥᠭᠴᠢᠲᠦ᠍ ᠬᠥᠭᠵᠢᠯᠲᠡ ᠵᠢ ᠠᠬᠢᠭᠤᠯᠵᠤ ᠪᠠᠢᠨ᠎ᠠ᠃ ᠲᠡᠵᠢᠭᠡᠯ ᠡᠪᠡᠰᠦ ᠳᠠᠷᠢᠬᠤ ᠵᠢ ᠣᠶᠤᠨᠴᠢ ᠪᠠᠷ ᠬᠠᠮᠢᠶᠠᠷᠤᠨ ᠡᠵᠡᠮᠳᠡᠬᠦ᠌᠂ ᠰᠠᠭᠠᠯᠢ ᠶ᠋ᠢᠨ ᠦᠨᠢᠶ᠎ᠡ ᠵᠢ ᠨᠠᠷᠢᠨ ᠣᠨᠣᠴᠠᠲᠠᠶ ᠪᠠᠷ ᠲᠡᠵᠢᠭᠡᠬᠦ᠌ ᠡᠴᠡ ᠠᠪᠤᠭᠠᠳ ᠴᠠᠭᠠᠨ ᠢᠳᠡᠭᠡᠨ ᠢ᠋ ᠤᠶᠤᠨᠴᠢ ᠪᠡᠷ ᠪᠤᠯᠪᠠᠰᠤᠷᠠᠭᠤᠯᠬᠤ᠂ ᠪᠥᠬᠥ᠌ ᠶᠠᠪᠤᠴᠠ ᠶ᠋ᠢ ᠡᠬᠢ ᠡᠭᠦᠰᠦᠯ ᠡᠴᠡ ᠨᠢ ᠮᠦᠷᠳᠡᠬᠦ ᠬᠦᠷᠲᠡᠯ᠎ᠡ᠂ ᠳᠠᠬᠢᠭᠠᠳ ᠬᠦᠢᠲᠡᠨ ᠬᠡᠯᠬᠢᠶᠡᠲᠦ ᠪᠠᠷᠠᠭᠠᠨ ᠤ᠋ ᠭᠦᠢᠯᠭᠡᠭᠡ ᠵᠢ ᠤᠶᠤᠨᠴᠢ ᠪᠡᠷ ᠲᠤᠬᠢᠷᠠᠭᠤᠯᠬᠤ᠂ ᠰᠦᠯᠵᠢᠶᠡᠨ ᠳᠡᠭᠡᠷ᠎ᠡ ᠤᠨᠤᠴᠠᠲᠠᠢ ᠠᠷᠠᠯᠵᠢᠶᠠᠯᠠᠬᠤ ᠬᠦᠷᠲᠡᠯ᠎ᠡ᠂ ᠲᠤᠭᠠᠴᠢᠯᠠᠭᠰᠠᠨ ᠮᠡᠷᠭᠡᠵᠢᠯ ᠠᠵᠤ ᠦᠢᠯᠡᠰ ᠤ᠋ᠨ ᠪᠦᠬᠦ ᠬᠡᠯᠬᠢᠶ᠎ᠡ ᠳ᠋ᠦ ᠲᠤᠭᠤᠰᠢᠯᠠᠭᠳᠠᠵᠤ᠂ ᠦᠢᠯᠡᠳᠪᠦᠷᠢᠯᠡᠯ ᠤ᠋ᠨ ᠡᠨ᠋ᠸᠷᠬᠢ ᠶ᠋ᠢᠨ ᠬᠤᠷᠤᠭᠳᠠᠭᠤᠯᠤᠯ ᠢ᠋ ᠪᠦᠲᠦᠮᠵᠢᠲᠡᠢ ᠪᠠᠭᠤᠷᠠᠭᠤᠯᠤᠨ᠂ ᠡᠬᠢ ᠪᠠᠶᠠᠯᠢᠭ ᠤ᠋ᠨ ᠬᠤᠷᠤᠭᠳᠠᠭᠤᠯᠤᠯ ᠢ᠋ ᠪᠠᠭᠠᠰᠬᠠᠵᠤ᠂ ᠴᠢᠨᠠᠷ ᠰᠠᠢᠲᠠᠢ᠂ ᠦᠨᠳᠦᠷ ᠪᠦᠲᠦᠮᠵᠢᠲᠡᠢ᠂ ᠡᠨ᠋ᠸᠷᠬᠢ ᠶ᠋ᠢᠨ ᠬᠤᠷᠤᠭᠳᠠᠭᠤᠯᠤᠯ ᠵᠢᠡᠷ ᠪᠠᠭ᠎ᠠ ᠪᠤᠬᠢᠷᠳᠤᠯ ᠦᠭᠡᠢ ᠬᠦᠭᠵᠢᠯᠲᠡ ᠶ᠋ᠢᠨ ᠰᠢᠨ᠎ᠡ ᠵᠠᠭᠪᠤᠷ ᠢ᠋ ᠪᠦᠷᠢᠯᠳᠦᠬᠦᠯᠪᠡ᠃
ᠰᠠᠭᠠᠯᠢ ᠵᠢᠨ ᠦᠨᠢᠶ᠎ᠠ ᠲᠡᠵᠢᠭᠡᠬᠦ᠌ ᠬᠤᠷᠰᠢᠭᠰᠠᠨ ᠳᠤᠭᠤᠶ᠋ᠢᠯᠠᠩ ᠡᠴᠡ ᠬᠤᠲᠤᠡᠭ ᠠᠷᠠᠳ ᠤ᠋ᠨ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠢᠯᠠᠯ᠂ ᠢᠯᠢ ᠺᠤᠮᠫᠠᠨᠢ ᠬᠦᠷᠳᠡᠯ᠎ᠠ᠂ ᠵᠠᠯᠭᠠᠭᠠᠳ ᠢᠯᠢ ᠪᠦᠯᠦᠭᠯᠡᠯ᠂ ᠮᠸᠡᠭ ᠨᠢᠦ ᠪᠦᠯᠦᠭᠯᠡᠯ ᠬᠦᠷᠳᠡᠯ᠎ᠠ᠂ ᠲᠠᠬᠢᠭᠠᠳ 《ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠬᠤᠲᠠ》 ᠡᠴᠡ 《ᠳᠡᠯᠡᠬᠡᠢ ᠶ᠋ᠢᠨ ᠴᠠᠭᠠᠨ ᠢᠳᠡᠭᠡᠨ ᠤ᠋ ᠬᠤᠲᠠ》 ᠬᠦᠷᠲᠡᠯ᠎ᠡ᠂ ᠡᠨᠡ ᠨᠢ ᠵᠦᠪᠬᠡᠨ ᠬᠦᠬᠡᠬᠤᠲᠠ ᠶ᠋ᠢᠨ ᠰᠦ ᠶ᠋ᠢᠨ ᠦᠢᠯᠡᠰ ᠤ᠋ᠨ ᠬᠦᠭᠵᠢᠯᠳᠡ ᠪᠢᠰᠢ᠂ ᠦᠪᠦᠷ ᠮᠤᠡᠭᠭᠤᠯ ᠴᠢᠨᠠᠭᠱᠢᠯᠠᠨ ᠳᠤᠮᠳᠠᠳᠤ ᠤᠯᠤᠰ ᠤ᠋ᠨ ᠰᠦ ᠶ᠋ᠢᠨ ᠦᠢᠯᠡᠰ ᠤ᠋ᠨ ᠪᠡᠶ᠎ᠡ ᠪᠠᠨ ᠳᠠᠭᠠᠭᠠᠨ ᠬᠦᠴᠦᠷᠭᠡᠭᠵᠢᠵᠦ᠂ ᠳᠠᠯᠠᠬᠡᠢ ᠶ᠋ᠢᠨ ᠲᠠᠪᠴᠠᠡᠭ ᠳ᠋ᠦ ᠭᠠᠷᠤᠭᠰᠠᠨ ᠪᠤᠳᠠᠳᠤ ᠲᠡᠤᠬᠡ ᠪᠠ ᠠᠮᠢᠳᠤᠯᠢᠭ ᠭᠡᠷᠡᠴᠢᠯᠡᠯ ᠪᠤᠯᠤᠨ᠎ᠠ᠃ ᠴᠤ ᠰᠢᠨ᠎ᠡ ᠭᠠᠷᠤᠭ᠎ᠠ ᠳ᠋ᠦ ᠵᠤᠭᠰᠤᠵᠤ᠂ ᠬᠦᠬᠡᠬᠤᠲᠠ ᠪᠦᠬᠦ ᠬᠡᠯᠬᠢᠶ᠎ᠡ ᠶ᠋ᠢᠨ ᠱᠢᠨᠡᠴᠢᠯᠡᠯᠲᠡ ᠪᠠᠨ ᠦᠷᠬᠦᠯᠵᠢᠯᠡᠨ ᠴᠢᠡᠭᠭᠠᠳᠬᠠᠵᠤ᠂ ᠳᠡᠯᠡᠬᠡᠢ ᠶ᠋ᠢᠨ ᠰᠦ ᠶ᠋ᠢᠨ ᠦᠢᠯᠡᠰ ᠤ᠋ᠨ ᠬᠦᠭᠵᠢᠯᠲᠡ ᠶ᠋ᠢᠨ ᠲᠦᠪᠰᠢᠨ ᠶ᠋ᠢᠡᠷ ᠪᠠᠷᠢᠮᠵᠢᠶᠠᠵᠢᠭᠤᠯᠤᠭᠰᠠᠨ ᠪᠠᠢᠷᠢ ᠰᠠᠭᠤᠷᠢ ᠪᠠᠨ ᠴᠢᠨᠠᠭᠰᠢᠳᠠ ᠪᠠᠲᠤᠳᠬᠠᠨ᠂ ᠳᠡᠯᠡᠬᠡᠢ ᠶ᠋ᠢᠨ ᠰᠦ ᠶ᠋ᠢᠨ ᠦᠢᠯᠡᠰ ᠤ᠋ᠨ ᠴᠢᠨᠠᠷ ᠰᠠᠢᠲᠠᠢ ᠬᠦᠭᠵᠢᠯᠲᠡ ᠳ᠋ᠦ ᠳᠤᠮᠳᠠᠳᠤ ᠤᠯᠤᠰ ᠤ᠋ᠨ ᠰᠦ ᠶ᠋ᠢᠨ ᠦᠢᠯᠡᠰ ᠤ᠋ᠨ ᠬᠦᠭᠵᠢᠯᠳᠡ ᠵᠢᠨ ᠬᠢᠯᠠᠯᠵᠠᠭᠰᠠᠨ ᠬᠠᠭᠤᠳᠠᠰᠤ ᠵᠢ ᠪᠢᠴᠢᠭᠯᠡᠭᠰᠡᠬᠡᠷ ᠁