ᠤᠢᠷ᠎ᠠ᠎ᠶᠢᠨ ᠡᠳᠦᠷ᠂ 2026 ᠤᠨ᠎ᠤ ᠨᠡᠶ᠋ᠢᠯᠡᠮᠡᠯ ᠠᠮᠢᠳᠤ ᠪᠣᠳᠠᠰ᠎ᠤᠨ ᠠᠵᠤ ᠦᠢᠯᠡᠰ᠎ᠦᠨ ᠬᠥᠭᠵᠢᠯᠲᠡ᠎ᠶᠢᠨ ᠲᠤᠷᠰᠢᠯᠭ᠎ᠠ ᠰᠣᠯᠢᠯᠴᠠᠬᠤ ᠬᠤᠷᠠᠯ ᠵᠢᠴᠢ ᠣᠷᠳᠣᠰ ᠬᠣᠲᠠ᠎ᠶᠢᠨ ᠳᠠᠯᠠᠳ ᠬᠣᠰᠢᠭᠤᠨ᠎ᠤ ᠠᠵᠤ ᠦᠢᠯᠡᠰ᠎ᠦᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ᠎ᠶᠢᠨ ᠬᠤᠷᠠᠯ ᠶᠠᠪᠤᠭᠳᠠᠵᠠᠢ᠃ ᠠᠵᠢᠯᠯᠠᠭ᠎ᠠ᠎ᠨᠢ 《ᠲᠤᠬᠠᠶ᠎ᠶᠢᠨ ᠭᠠᠵᠠᠷ᠎ᠲᠤᠨᠢ ᠰᠢᠨᠵᠢᠯᠡᠨ ᠪᠠᠶ᠋ᠢᠴᠠᠭᠠᠬᠤ + ᠲᠤᠰᠬᠠᠶ ᠲᠠᠯᠠᠪᠠᠶ ᠮᠡᠳᠡᠭᠦᠯᠦᠯᠲᠡ ᠬᠢᠬᠦ + ᠶᠠᠷᠢᠯᠴᠠᠨ ᠰᠣᠯᠢᠯᠴᠠᠬᠤ》 ᠵᠢ ᠨᠢᠭᠡ ᠴᠤᠭᠴᠠᠵᠢᠭᠤᠯᠤᠭᠰᠠᠨ ᠵᠠᠭᠪᠤᠷ᠎ᠢ ᠬᠡᠷᠡᠭᠯᠡᠵᠦ᠍᠂ ᠤᠯᠤᠰ᠎ᠤᠨ ᠳᠣᠲᠣᠭᠠᠳᠤ᠎ᠶᠢᠨ ᠨᠡᠶ᠋ᠢᠯᠡᠮᠡᠯ ᠠᠮᠢᠳᠤ ᠪᠣᠳᠠᠰ᠎ᠤᠨ ᠣᠷᠣᠶ᠋ᠢᠯᠠᠭᠰᠠᠨ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠣᠷᠣᠨ᠎ᠤ ᠳᠣᠲᠣᠨ᠎ᠠ ᠭᠠᠳᠠᠨᠠᠬᠢ 130 ᠭᠠᠷᠤᠶ ᠠᠵᠤ ᠠᠬᠤᠶ᠋ᠢᠯᠠᠯ ᠠᠵᠢᠯᠯᠠᠭ᠎ᠠ᠎ᠳᠤ ᠣᠷᠣᠯᠴᠠᠵᠠᠶ᠃
ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠎ᠦᠨ ᠬᠢᠨ ᠥᠪᠥᠷ ᠮᠣᠩᠭᠣᠯ᠎ᠤᠨ ᠠᠮᠢᠳᠤ ᠪᠣᠳᠠᠰ᠎ᠤᠨ ᠦᠢᠯᠡᠳᠬᠡᠯ᠎ᠤᠨ ᠠᠵᠤ ᠦᠢᠯᠡᠰ᠎ᠦᠨ ᠬᠠᠷᠢᠴᠠᠩᠭᠤᠢ ᠳᠠᠪᠠᠭᠤᠯᠢᠭ ᠪᠠ ᠬᠥᠭᠵᠢᠯᠲᠡ᠎ᠶᠢᠨ ᠳᠠᠯᠳᠠ ᠬᠦᠴᠦᠨ᠎ᠢ ᠪᠥᠬᠥ᠌ ᠲᠠᠯ᠎ᠠ᠎ᠪᠠᠷ ᠨᠠᠷᠢᠨ ᠣᠨᠣᠪᠴᠢᠲᠠᠶ ᠲᠣᠳᠣᠷᠬᠠᠶ᠋ᠢᠯᠠᠨ ᠥᠭᠦᠯᠡᠵᠠᠢ᠃ ᠬᠤᠷᠠᠯ ᠳ᠋ᠦ ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠢᠶᠠᠨᠵᠢᠨ᠎ᠤ ᠠᠵᠦ ᠦᠢᠯᠡᠳᠪᠦᠷᠢ᠎ᠶᠢᠨ ᠠᠮᠢᠳᠤ ᠪᠤᠳᠠᠰ᠎ᠤᠨ ᠮᠡᠷᠭᠡᠵᠢᠯ᠎ᠤᠨ ᠰᠤᠳᠤᠯᠭᠠᠨ᠎ᠤ ᠭᠠᠵᠠᠷ ᠂ ᠨᠠᠨᠺᠠᠢ ᠶᠡᠬᠡ ᠰᠤᠷᠭᠠᠭᠤᠯᠢ ᠂ ᠨᠢᠩᠪᠦ᠋ᠸᠧ ᠮᠠᠲ᠋ᠧᠷᠢᠶᠠᠯ᠎ᠤᠨ ᠮᠡᠷᠭᠡᠵᠢᠯ ᠬᠢᠭᠡᠳ ᠢᠨᠵᠧᠨᠧᠷᠢᠩ᠎ᠤᠨ ᠰᠤᠳᠤᠯᠭᠠᠨ᠎ᠤ ᠭᠠᠵᠠᠷ ᠵᠡᠷᠭᠡ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ ᠪᠠ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠶ ᠮᠡᠷᠭᠡᠵᠢᠯᠲᠡᠨ ᠲᠣᠰ ᠲᠣᠰ ᠠᠵᠢᠯ ᠲᠥᠷᠥᠯ᠎ᠤᠨ ᠬᠠᠨᠳᠤᠰᠢ ᠵᠢᠴᠢ ᠬᠥᠭᠵᠢᠯᠲᠡ᠎ᠶᠢᠨ ᠦᠢᠯᠡᠳᠦᠯᠭᠡ᠎ᠶᠢᠨ ᠲᠤᠰᠬᠠᠶ ᠰᠡᠳᠦᠪᠲᠦ᠍ ᠮᠡᠳᠡᠭᠦᠯᠦᠯᠲᠡ ᠬᠢᠭᠰᠡᠨ ᠪᠥᠭᠡᠳ ᠣᠷᠣᠨ᠎ᠤ ᠳᠣᠲᠣᠨ᠎ᠠ ᠭᠠᠳᠠᠨᠠᠬᠢ ᠠᠮᠢᠳᠤ ᠪᠣᠳᠠᠰ᠂ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠠᠬᠤᠶ᠋ᠢᠯᠠᠯ᠎ᠲᠠᠶ ᠭᠦᠨᠵᠡᠭᠡᠶ ᠵᠣᠯᠭᠠᠭᠤᠯᠤᠨ ᠰᠣᠯᠢᠯᠴᠠᠵᠠᠢ᠃ ᠵᠢᠶᠠᠩᠨᠠᠨ ᠶᠡᠬᠡ ᠰᠤᠷᠭᠠᠭᠤᠯᠢ ᠪᠣᠯᠤᠨ ᠵᠦᠩ ᠰᠢᠤᠸᠠᠨ ᠠᠮᠢᠳᠤ ᠪᠣᠳᠠᠰ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠳᠤ ᠺᠤᠮᠫᠠᠨᠢ᠎ᠶᠢᠨ ᠬᠠᠮᠲᠤ᠎ᠪᠠᠷ ᠪᠠᠶ᠋ᠢᠭᠤᠯᠤᠭᠰᠠᠨ 《ᠨᠡᠶ᠋ᠢᠯᠡᠮᠡᠯ ᠠᠮᠢᠳᠤ ᠪᠣᠳᠠᠰ᠎ᠤᠨ ᠤᠷᠳᠤᠰ᠎ᠤᠨ ᠬᠠᠮᠲᠤᠷᠠᠭᠰᠠᠨ ᠲᠤᠷᠰᠢᠯᠲᠠ᠎ᠶᠢᠨ ᠲᠠᠰᠤᠭ》 ᠫᠠᠶ᠋ᠢᠰᠠ ᠰᠡᠬᠦᠵᠦ᠍᠂ ᠦᠢᠯᠡᠳᠪᠦᠷᠢᠯᠡᠬᠦ᠌ ᠵᠢᠭᠠᠬᠤ ᠰᠤᠳᠤᠯᠬᠤ᠎ᠶᠢ ᠬᠠᠮᠵᠢᠯᠴᠠᠭᠤᠯᠤᠨ ᠵᠣᠯᠭᠠᠭᠤᠯᠬᠤ ᠲᠠᠪᠴᠠᠩ᠎ᠢ ᠪᠠᠶ᠋ᠢᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠬᠢᠬᠡᠳ ᠦᠪᠦᠷ ᠮᠤᠩᠭᠤᠯ᠎ᠤᠨ ᠠᠵᠤ ᠦᠢᠯᠡᠰ᠎ᠦᠨ ᠠᠬᠤᠢ ᠦᠵᠡᠭᠳᠡᠯ᠎ᠢ ᠣᠨᠣᠪᠴᠢᠲᠠᠢ ᠵᠣᠯᠭᠠᠭᠤᠯᠤᠭᠰᠠᠨ ᠠᠮᠵᠢᠯᠲᠠ᠎ᠲᠠᠶ ᠵᠢᠱ᠌ᠢᠢ᠎ᠡ ᠪᠣᠯᠵᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号