ᠲᠦᠷᠦᠬᠦᠬᠡᠨ᠂ ᠬᠥᠬᠡᠡᠡᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠬᠤᠪᠢᠶᠠᠷᠢ ᠲᠣᠪᠴᠢᠶ᠎ᠠ᠎ᠶᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠶᠡᠬᠡ ᠠᠩᠭᠢ ᠬᠥᠬᠡᠡᠡᠣᠲᠠ ᠵᠢᠨ ᠠᠯᠪᠠᠨ ᠵᠢᠷᠤᠮ᠎ᠤᠨ ᠴᠠᠭᠳᠠᠭᠠᠨ ᠤ᠋ ᠠᠪᠤᠷᠠᠨ ᠲᠤᠰᠠᠯᠠᠬᠤ ᠮᠠᠰᠢᠨ ᠲᠡᠷᠭᠡᠨ ᠤ᠋ ᠠᠩᠭᠢ᠎ᠳᠤ ᠲᠣᠭ ᠣᠯᠭᠣᠬᠤ ᠶᠣᠰᠣᠯᠠᠯ ᠶᠠᠪᠤᠬᠳᠠᠭᠤᠯᠪᠠ᠃ 《ᠵᠢᠢ ᠬᠣᠩ ᠠᠯᠪᠠᠨ ᠵᠢᠷᠤᠮ ᠤ᠋ᠨ ᠴᠠᠭᠳᠠᠭᠠᠨ᠎ᠤ ᠮᠠᠰᠢᠨ ᠲᠡᠷᠭᠡᠨ ᠤ᠋ ᠠᠩᠭᠢ 》 ᠵᠢ ᠬᠠᠷᠢᠶ᠎ᠠ ᠣᠷᠣᠨ᠎ᠤ ᠣᠯᠠᠨ᠎ᠢᠶᠠᠷ᠎ᠢᠶᠠᠨ ᠰᠡᠷᠭᠡᠢᠯᠡᠵᠦ ᠣᠯᠠᠨ᠎ᠢᠶᠠᠷ᠎ᠢᠶᠠᠨ ᠵᠠᠰᠠᠬᠤ ᠬᠦᠴᠦᠨ᠎ᠦ ᠰᠢᠰᠲᠧᠮ᠎ᠳᠦ ᠣᠷᠣᠭᠤᠯᠵᠤ᠂ ᠬᠦᠬᠡᠡᠡᠤᠳᠠ ᠵᠢᠨ ᠬᠣᠲᠣᠩ ᠠᠷᠠᠳ᠎ᠤᠨ ᠲᠣᠭᠣᠷᠢᠭ᠋᠎ᠤᠨ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠲᠦᠷᠬᠡᠨ ᠬᠠᠪᠰᠤᠷᠤᠨ ᠲᠡᠳᠬᠦᠬᠦ ᠳᠤᠲᠠᠭᠤᠳᠠᠯ ᠲᠠᠢ ᠲᠠᠯ᠎ᠠ ᠵᠢ ᠨᠥᠬᠥᠪᠦᠷᠢᠯᠡᠵᠦ᠂ ᠭᠡᠨᠡᠳᠲᠡ᠎ᠶᠢᠨ ᠬᠡᠷᠡᠭ᠎ᠢ ᠲᠦᠷᠭᠡᠨ ᠴᠤᠤᠷᠢᠶᠠᠲᠤᠨ ᠳᠠᠭᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
ᠬᠣᠲᠣᠩ ᠠᠷᠠᠳ᠎ᠤᠨ ᠲᠣᠭᠣᠷᠢᠭ᠋᠎ᠤᠨ ᠤᠯᠤᠰ ᠲᠦᠷᠦ ᠬᠠᠤᠯᠢ ᠴᠠᠭᠠᠵᠠ᠎ᠶᠢᠨ ᠵᠥᠪᠯᠡᠯ᠎ᠦᠨ ᠨᠢᠭᠡᠳᠦᠯᠲᠡᠢ ᠵᠤᠬᠢᠴᠠᠭᠤᠯᠭ᠎ᠠ ᠪᠠ ᠬᠥᠬᠡᠡᠡᠣᠲᠠ᠎ᠶᠢᠨ ᠵᠢᠢ ᠬᠣᠩ ᠮᠠᠰᠢᠨ ᠲᠡᠷᠭᠡ ᠪᠣᠷᠣᠯᠠᠭᠤᠯᠬᠤ ᠬᠢᠵᠠᠭᠠᠷᠲᠤ ᠺᠣᠮᠫᠠᠨᠢ᠎ᠶᠢᠨ ᠬᠦᠴᠦᠲᠡᠢ ᠳᠡᠮᠵᠢᠯᠭᠡ ᠳᠣᠣᠷ᠎ᠠ᠂ ᠬᠤᠳᠤᠩ ᠠᠷᠠᠳ ᠤ᠋ᠨ ᠲᠤᠭᠤᠷᠢᠬ ᠤ᠋ᠨ ᠬᠤᠪᠢᠶᠠᠷᠢ ᠲᠣᠪᠴᠢᠶ᠎ᠠ᠎ᠶᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠶᠡᠬᠡ ᠠᠩᠭᠢ ᠨᠢᠭᠡ ᠰᠠᠷ᠎ᠠ ᠨᠠᠷᠢᠨ ᠨᠢᠮᠪᠠᠢ ᠪᠡᠯᠡᠳᠬᠡᠵᠦ᠂ ᠴᠢᠩᠭ᠎ᠠ ᠰᠢᠯᠢᠨ ᠰᠣᠩᠭᠣᠵᠤ᠂ ᠡᠴᠦᠰ᠎ᠲᠦ 15 ᠭᠡᠰᠢᠭᠦᠨ᠎ᠢᠶᠡᠷ ᠪᠦᠷᠢᠯᠳᠦᠭᠰᠡᠨ 《 ᠵᠢᠢ ᠬᠣᠩ ᠠᠯᠪᠠᠨ ᠵᠢᠷᠤᠮ ᠤ᠋ᠨ ᠴᠠᠬᠳᠠᠭᠠᠨ ᠤ᠋ ᠮᠠᠰᠢᠨ ᠲᠡᠷᠬᠡᠨ ᠤ᠋ ᠠᠩᠬᠢ 》 ᠶ᠋ᠢ ᠵᠤᠬᠢᠶᠠᠨ ᠪᠠᠢᠭᠤᠯᠵᠠᠢ᠃ ᠲᠤᠰ ᠮᠠᠰᠢᠨ ᠲᠡᠷᠭᠡᠨ ᠤ᠋ ᠠᠩᠭᠢ᠎ᠳᠤ ᠤᠯᠠᠨ ᠮᠠᠰᠢᠨ ᠲᠡᠷᠬᠡ ᠵᠢ ᠲᠣᠬᠢᠷᠠᠭᠤᠯᠵᠤ᠂ ᠷᠠᠳᠢᠣ᠋ ᠬᠤᠯᠪᠤᠭ᠎ᠠ᠎ᠪᠠᠷ ᠴᠠᠭ ᠲᠤᠬᠠᠢ ᠳ᠋ᠤᠨᠢ ᠬᠣᠯᠪᠣᠯᠳᠤᠨ ᠨᠡᠪᠲᠡᠷᠡᠯᠴᠡᠬᠦ᠎ᠶᠢ ᠪᠠᠲᠤᠯᠠᠵᠤ᠂ ᠲᠦᠷᠭᠡᠨ ᠳᠤᠰᠬᠠᠯ ᠭᠠᠷᠭᠠᠬᠤ᠂ ᠪᠡᠯᠡᠳᠬᠡᠯ ᠰᠠᠢᠳᠠᠢ᠂ ᠬᠠᠮᠤᠷᠬᠤ ᠬᠡᠪᠴᠢᠶ᠎ᠡ ᠨᠢ ᠥᠷᠭᠡᠨ ᠪᠠᠢᠳᠠᠭ ᠳᠠᠪᠠᠭᠤᠯᠢᠭ᠋᠎ᠲᠠᠢ ᠪᠠᠢᠵᠤ᠂ ᠬᠣᠯᠪᠤᠭᠠᠯᠠᠨ ᠬᠥᠳᠡᠯᠦᠯᠴᠡᠭᠰᠡᠨ ᠤᠯᠠᠨ ᠵᠢᠡᠷ ᠵᠢᠡᠨ ᠰᠡᠷᠬᠡᠢᠯᠡᠬᠦ ᠨᠦᠬᠦᠪᠦᠷᠢ ᠬᠦᠴᠦᠨ ᠪᠤᠯᠤᠨ᠎ᠠ᠃ ᠬᠤᠢᠰᠢᠳᠠ ᠲᠤᠰ ᠮᠠᠰᠢᠨ ᠲᠡᠷᠬᠡᠨ ᠤ᠋ ᠠᠩᠬᠢ ᠨᠢ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢ ᠬᠠᠪᠰᠤᠷᠤᠨ ᠪᠠᠴᠢᠮ ᠪᠠᠢᠳᠠᠯ᠎ᠢ ᠠᠷᠭᠠᠴᠠᠭᠠᠬᠤ ᠲᠤᠰᠠᠯᠠᠮᠵᠢ᠂ ᠮᠠᠰᠢᠨ ᠲᠡᠷᠬᠡ ᠵᠢᠨ ᠠᠪᠤᠷᠠᠨ ᠲᠤᠰᠠᠯᠠᠯᠲᠠ᠂ ᠠᠮᠤᠷ ᠲᠦᠪᠰᠢᠨ᠎ᠦ ᠤᠬᠠᠭᠤᠯᠭ᠎ᠠ᠂ ᠵᠠᠮ ᠬᠠᠷᠢᠯᠴᠠᠭᠠᠨ᠎ᠤ ᠲᠣᠭᠣᠷᠢᠨ ᠪᠠᠢᠴᠠᠭᠠᠬᠤ ᠵᠡᠷᠭᠡ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯ ᠥᠷᠨᠢᠭᠦᠯᠬᠦ ᠪᠣᠯᠣᠨ᠎ᠠ᠃
ᠲᠤᠭ ᠣᠯᠭᠣᠬᠤ ᠶᠤᠰᠤᠯᠠᠯ ᠤ᠋ᠨ ᠲᠤᠬᠠᠢ᠎ᠶᠢᠨ ᠲᠠᠯᠠᠪᠠᠢ᠎ᠳᠤ᠂ ᠪᠦᠬᠦ ᠭᠡᠰᠢᠭᠦᠳ ᠴᠤᠭ ᠵᠢᠪᠬᠤᠭ᠎ᠠ ᠲᠡᠭᠦᠯᠳᠡᠷ ᠪᠠᠢᠵᠤ᠂ ᠲᠡᠷᠢ ᠲᠡᠭᠰᠢ ᠵᠢᠭ᠍ᠰᠠᠵᠤ᠂ ᠲᠥᠪ ᠴᠢᠩᠭ᠎ᠠ᠎ᠪᠠᠷ ᠲᠤᠭ᠎ᠢᠶᠠᠨ ᠲᠤᠰᠴᠤ ᠣᠪᠣᠷ᠎ᠢᠶᠠᠨ ᠢᠯᠡᠳᠬᠡᠭᠰᠡᠨ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号