《ᠰᠢᠨᠵᠢᠯᠡᠬᠦ᠌ ᠤᠬᠠᠭᠠᠨᠴᠢ ᠲᠥᠯᠥᠪᠵᠢᠭᠦᠯᠭᠡ᠎ᠪᠡᠷ ᠬᠥᠭᠵᠢᠯᠲᠡ᠎ᠶᠢ ᠠᠬᠢᠭᠤᠯᠤᠨ᠎ᠠ》 ᠭᠡᠬᠦ᠌ ᠨᠣᠮ᠎ᠢ ᠬᠡᠪᠯᠡᠨ ᠲᠠᠷᠬᠠᠭᠠᠪᠠ
2026-08-05 11:29:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠤᠬᠠᠭᠤᠯᠤᠨ ᠲᠠᠶ᠋ᠢᠯᠪᠤᠷᠢᠯᠠᠵᠤ᠂ ᠺᠠᠳ᠋ᠷ ᠣᠯᠠᠨ ᠲᠦᠮᠡᠨ᠎ᠦ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠬᠤ ᠶᠠᠪᠤᠴᠠ᠎ᠳᠤ ᠠᠩᠬᠠᠷᠴᠤ᠌ ᠪᠠᠶ᠋ᠢᠭ᠎ᠠ ᠬᠠᠯᠠᠮᠰᠢᠯ ᠠᠰᠠᠭᠤᠳᠠᠯ᠎ᠢ ᠲᠥᠪᠯᠡᠷᠡᠭᠦᠯᠦᠨ ᠬᠠᠷᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠵᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠮᠠᠭᠠᠳᠯᠠᠯᠲᠠ ᠪᠠ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠠᠩ ᠤᠬᠠᠮᠰᠠᠷ ᠡᠴᠡ᠎ᠪᠠᠨ ᠨᠢᠭᠡᠳᠬᠡᠬᠦ᠌᠎ᠶᠢᠨ ᠲᠥᠯᠥᠭᠡ᠂ ᠲᠥᠪ᠎ᠦᠨ ᠤᠬᠠᠭᠤᠯᠬᠤ ᠬᠡᠯᠲᠡᠰ᠎ᠦᠨ ᠣᠨᠣᠯ᠎ᠤᠨ ᠲᠣᠪᠴᠢᠶ᠎ᠠ ᠡᠴᠡ 2026 ᠣᠨ᠎ᠤ 《ᠣᠨᠣᠯ᠎ᠤᠨ ᠬᠠᠯᠠᠮᠰᠢᠯ ᠠᠰᠠᠭᠤᠳᠠᠯ᠎ᠳᠤ ᠬᠠᠨᠳᠤᠨᠠᠮ》 ᠤ᠋ᠨ ᠲᠥᠬᠥᠮ ᠣᠶ᠋ᠢᠯᠠᠭᠠᠮᠵᠢᠲᠠᠶ ᠣᠨᠣᠯ᠎ᠤᠨ ᠤᠩᠰᠢᠬᠤ ᠪᠢᠴᠢᠭ 《ᠰᠢᠨᠵᠢᠯᠡᠬᠦ᠌ ᠤᠬᠠᠭᠠᠨᠴᠢ ᠲᠥᠯᠥᠪᠵᠢᠭᠦᠯᠭᠡ᠎ᠪᠡᠷ ᠬᠥᠭᠵᠢᠯᠲᠡ᠎ᠶᠢ ᠠᠬᠢᠭᠤᠯᠤᠨ᠎ᠠ》 ᠭᠡᠬᠦ ᠨᠤᠮ ᠢ᠋ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠪᠢᠴᠢᠪᠡ᠃ ᠲᠤᠰ ᠨᠣᠮ᠎ᠢ ᠰᠤᠷᠤᠯᠴᠠᠯᠭ᠎ᠠ ᠬᠡᠪᠯᠡᠯ᠎ᠦᠨ ᠬᠣᠷᠢᠶ᠎ᠠ᠂ ᠠᠷᠠᠳ᠎ᠤᠨ ᠬᠡᠪᠯᠡᠯ᠎ᠦᠨ ᠬᠣᠷᠢᠶ᠎ᠠ ᠬᠠᠮᠲᠤᠷᠠᠨ ᠬᠡᠪᠯᠡᠭᠦᠯᠵᠦ᠍᠂ ᠲᠤᠰ ᠡᠳᠦᠷ᠎ᠡᠴᠡ ᠡᠬᠢᠯᠡᠨ ᠪᠦᠬᠦ᠌ ᠤᠯᠤᠰ᠎ᠲᠤ᠌ ᠲᠠᠷᠬᠠᠭᠠᠪᠠ᠃

ᠲᠤᠰ ᠨᠣᠮ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭᠵᠢᠯᠲᠡ᠎ᠶᠢᠨ ᠪᠠᠶ᠋ᠢᠳᠠᠯ ᠡᠴᠡ ᠡᠭᠦᠰᠴᠦ᠍᠂ ᠨᠠᠮ᠎ᠤᠨ ᠲᠥᠪ ᠬᠣᠷᠢᠶ᠎ᠠ ᠵᠢᠨ ᠬᠠᠮᠤᠭ᠎ᠤᠨ ᠰᠢᠨ᠎ᠡ ᠵᠣᠷᠢᠭ ᠰᠠᠨᠠᠭ᠎ᠠ᠎ᠲᠠᠶ ᠨᠢᠭᠲᠠ ᠤᠶᠠᠯᠳᠤᠭᠤᠯᠤᠨ᠂ ᠬᠥᠮᠦᠰ᠎ᠦᠨ ᠦᠵᠡᠯ ᠰᠠᠨᠠᠭᠠᠨ᠎ᠤ ᠪᠣᠳᠠᠲᠤ᠌ ᠪᠠᠶ᠋ᠢᠳᠠᠯ ᠪᠠ ᠤᠨᠤᠯ᠎ᠤᠨ ᠠᠩᠬᠠᠷᠴᠤ ᠪᠠᠢᠭ᠎ᠠ ᠠᠰᠠᠭᠤᠳᠠᠯ ᠲᠠᠢ ᠤᠶᠠᠯᠳᠤᠭᠤᠯᠵᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠬᠡᠷᠬᠢᠨ ᠪᠠᠶ᠋ᠢᠭᠤᠯᠬᠤ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠭᠡᠭᠵᠢᠬᠦ ᠵᠢ ᠬᠡᠷᠬᠢᠨ ᠲᠦᠷᠭᠡᠳᠬᠡᠬᠦ᠌᠂ ᠬᠤᠳᠠ ᠬᠥᠳᠡᠭᠡ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠬᠡᠷᠬᠢᠨ ᠠᠬᠢᠭᠤᠯᠬᠤ ᠵᠡᠷᠭᠡ 10 ᠤᠨᠤᠯ᠎ᠤᠨ ᠬᠠᠯᠠᠮᠰᠢᠯ ᠠᠰᠠᠭᠤᠳᠠᠯ ᠳ᠋ᠤ ᠭᠦᠨᠵᠡᠭᠡᠢ ᠬᠠᠷᠢᠭᠤᠯᠲᠠ ᠥᠭᠴᠡᠢ᠃ ᠲᠣᠰ ᠨᠣᠮ᠎ᠨᠢ 《ᠣᠨᠣᠯ᠎ᠤᠨ ᠬᠠᠯᠠᠮᠰᠢᠯ ᠠᠰᠠᠭᠤᠳᠠᠯ᠎ᠳᠤ ᠬᠠᠨᠳᠤᠨᠠᠮ》 ᠰᠢᠷᠢᠰ ᠲᠥᠬᠥᠮ ᠣᠶ᠋ᠢᠯᠠᠭᠠᠮᠵᠢᠲᠠᠶ ᠣᠨᠣᠯ᠎ᠤᠨ ᠤᠩᠰᠢᠬᠤ ᠪᠢᠴᠢᠭ᠎ᠦᠨ ᠢᠮᠠᠭᠲᠠ᠎ᠶᠢᠨ ᠬᠡᠪ ᠨᠠᠮᠪᠠ᠎ᠶᠢ ᠵᠠᠯᠭᠠᠮᠵᠢᠯᠠᠵᠤ᠂ ᠶᠤᠰᠤ ᠵᠦᠢᠵᠢᠬᠦ ᠴᠢᠨᠠᠷ ᠬᠢᠭᠡᠳ ᠲᠦᠭᠡᠮᠡᠯ ᠴᠢᠨᠠᠷ᠎ᠢ ᠨᠢᠭᠡᠳᠬᠡᠬᠦ᠌᠎ᠶᠢ ᠪᠠᠷᠢᠮᠲᠠᠯᠠᠵᠤ᠂ ᠡᠷᠳᠡᠮ ᠰᠢᠨᠵᠢᠯᠡᠭᠡᠨ᠎ᠦ ᠰᠠᠭᠤᠷᠢ᠂ ᠦᠢᠯᠡᠳᠦᠯᠭᠡ᠎ᠶᠢᠨ ᠤᠳᠤᠷᠢᠳᠤᠮᠵᠢ᠂ ᠣᠯᠠᠨ ᠤᠯᠤᠰ᠎ᠤᠨ ᠬᠠᠷᠠᠭᠠᠰᠤ᠂ ᠲᠡᠦᠬᠡ᠎ᠶᠢᠨ ᠬᠠᠷᠠᠭᠠᠰᠤ ᠵᠡᠷᠭᠡ ᠲᠠᠯ᠎ᠠ᠎ᠪᠠᠷ ᠲᠠᠶ᠋ᠢᠯᠤᠮᠵᠢ ᠬᠢᠬᠦ᠌ ᠵᠢ ᠴᠢᠬᠤᠯᠠᠴᠢᠯᠠᠵᠤ᠂ ᠶᠣᠰᠣ ᠤᠴᠢᠷ᠎ᠢ ᠨᠡᠪᠲᠡᠷᠬᠡᠶ ᠶᠠᠷᠢᠵᠤ᠂ ᠵᠣᠬᠢᠶᠠᠯ᠎ᠤᠨ ᠬᠡᠪ ᠰᠤᠷᠲᠠᠯ ᠨᠢ ᠠᠮᠢᠳᠤᠯᠢᠭ ᠪᠠᠢᠵᠤ᠂ ᠺᠠᠳ᠋ᠷ ᠣᠯᠠᠨ ᠲᠦᠮᠡᠨ᠂ ᠵᠠᠯᠠᠭᠤ ᠰᠤᠷᠤᠭᠴᠢᠳ᠎ᠤᠨ ᠣᠨᠣᠯ᠎ᠰᠤᠷᠤᠯᠴᠠᠬᠤ ᠪᠠ ᠴᠠᠭ ᠤ᠋ᠨ ᠪᠠᠶ᠋ᠢᠳᠠᠯ ᠲᠥᠷᠥ᠎ᠶᠢᠨ ᠪᠣᠳᠣᠯᠭ᠎ᠠ᠎ᠶᠢᠨ ᠬᠥᠮᠦᠵᠢᠯ ᠥᠷᠨᠢᠭᠦᠯᠬᠦ᠌ ᠴᠢᠬᠤᠯᠠ ᠬᠠᠪᠰᠤᠷᠤᠨ ᠵᠢᠯᠣᠭᠣᠳᠬᠤ ᠤᠩᠰᠢᠬᠤ ᠪᠢᠴᠢᠭ ᠪᠣᠯᠤᠨ᠎ᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 3 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号