ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠ᠎ᠶᠢᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠠᠵᠢᠯᠴᠢᠨ᠎ᠤ ᠡᠪᠯᠡᠯ᠎ᠦᠨ ᠺᠠᠳ᠋ᠷᠴᠤᠳ᠎ᠤᠨ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠ ᠳᠤᠮᠳᠠᠬᠢ ᠲᠤᠬᠠᠢᠯᠠᠭᠰᠠᠨ ᠠᠵᠢᠯ᠎ᠤᠨ ᠲᠦᠪᠰᠢᠨ ᠪᠠ ᠦᠢᠯᠡᠴᠢᠯᠡᠭᠡᠨ᠎ᠦ ᠴᠢᠳᠠᠪᠤᠷᠢ᠎ᠶᠢ ᠴᠢᠨᠠᠬᠰᠢᠲᠠ ᠳᠡᠭᠡᠭᠰᠢᠯᠡᠭᠦᠯᠬᠦ ᠢ᠋ᠢᠨ ᠲᠦᠯᠦᠭᠡ᠂ ᠤᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠥᠬᠡᠬᠣᠲᠠ᠎ᠳᠤ ᠪᠥᠬᠥ ᠣᠷᠣᠨ᠎ᠤ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠ᠎ᠶᠢᠨ ᠭᠣᠣᠯᠯᠠᠭ᠍ᠴᠢ ᠢ᠋ᠢᠨ ᠪᠣᠯᠪᠠᠰᠤᠷᠠᠯ᠎ᠤᠨ ᠠᠩᠭᠢ ᠡᠷᠭᠢᠯᠡᠪᠡ᠃
ᠪᠣᠯᠪᠠᠰᠤᠷᠠᠯ᠎ᠤᠨ ᠠᠩᠭᠢ᠎ᠳᠤ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ᠂ ᠰᠢ᠎ᠶᠢᠨ ᠫᠢᠩ᠎ᠤᠨ ᠨᠠᠮ ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠂ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ᠎ᠶᠢᠨ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢᠭᠤᠯᠤᠭᠳᠠᠭᠰᠠᠨ 100 ᠵᠢᠯ᠎ᠦᠨ ᠣᠶ᠎ᠶᠢ ᠪᠡᠯᠭᠡᠯᠡᠬᠦ ᠵᠢᠴᠢ ᠪᠦᠬᠦ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ ᠪᠣᠯᠣᠨ ᠲᠡᠷᠢᠭᠦᠨ᠎ᠦ ᠠᠵᠢᠯᠲᠠᠨ᠎ᠢ ᠬᠥᠬᠢᠭᠦᠯᠦᠨ ᠰᠠᠢᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠤᠨ ᠵᠢᠷᠤᠮᠵᠢᠬᠰᠠᠨ ᠪᠠᠢᠭᠤᠯᠤᠯᠲᠠ᠂ ᠬᠠᠤᠯᠢ᠎ᠪᠠᠷ ᠵᠠᠰᠠᠬᠤ ᠰᠡᠳᠬᠢᠬᠦᠢ᠎ᠪᠡᠷ ᠠᠵᠢᠯᠴᠢᠨ᠎ᠤ ᠡᠪᠯᠡᠯ᠎ᠦᠨ ᠠᠵᠢᠯ᠎ᠳᠤ ᠬᠦᠴᠦᠨ ᠨᠡᠮᠡᠷᠢᠯᠡᠬᠦ᠂ ᠠᠵᠢᠯᠲᠠᠨ ᠠᠵᠢᠯᠴᠢᠨ᠎ᠤ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠦᠷᠢᠮ᠎ᠢ ᠨᠠᠢᠳᠠᠪᠤᠷᠢᠵᠢᠭᠤᠯᠬᠤ ᠵᠡᠷᠭᠡ ᠠᠭᠤᠯᠭ᠎ᠠ ᠢ᠋ᠢᠨ ᠲᠤᠭᠤᠷᠢᠨ᠎ᠳᠤ ᠲᠠᠢᠯᠪᠤᠷᠢᠯᠠᠵᠤ᠂ ᠰᠤᠷᠤᠯᠭᠠᠲᠠᠳ᠎ᠤᠨ ᠤᠯᠤᠰ ᠲᠦᠷᠦ᠎ᠶᠢᠨ ᠤᠬᠠᠮᠰᠠᠷ᠂ ᠤᠨᠤᠯ᠎ᠤᠨ ᠲᠦᠪᠰᠢᠨ ᠪᠠ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠪᠡ᠃ ᠪᠤᠯᠪᠠᠰᠤᠷᠠᠯ᠎ᠤᠨ ᠬᠤᠭᠤᠴᠠᠭᠠᠨ᠎ᠳᠤ᠂ ᠪᠠᠰᠠ ᠮᠸᠩ ᠼᠤᠤ ᠪᠦᠯᠦᠭᠯᠡᠯ᠎ᠳᠦ ᠬᠦᠷᠴᠦ ᠠᠵᠤ ᠠᠬᠤᠢᠯᠠᠯ᠎ᠤᠨ ᠠᠵᠢᠯᠴᠢᠨ᠎ᠤ ᠡᠪᠯᠡᠯ᠎ᠦᠨ ᠠᠵᠢᠯ᠎ᠤᠨ ᠲᠤᠷᠰᠢᠯᠭ᠎ᠠ᠎ᠶᠢ ᠬᠤᠪᠢᠶᠠᠯᠴᠠᠪᠠ᠃
ᠪᠣᠯᠪᠠᠰᠤᠷᠠᠯ᠎ᠳᠤ ᠣᠷᠣᠯᠴᠠᠭᠰᠠᠳ᠂ ᠲᠣᠰ ᠤᠳᠠᠭᠠᠨ᠎ᠤ ᠪᠣᠯᠪᠠᠰᠤᠷᠠᠯ᠎ᠤᠨ ᠠᠭᠤᠯᠭ᠎ᠠ ᠨᠢ ᠦᠨᠳᠦᠰᠦᠨ ᠱᠠᠲᠤᠨ᠎ᠤ ᠬᠡᠷᠡᠭᠴᠡᠭᠡ ᠱᠠᠭᠠᠷᠳᠠᠯᠭ᠎ᠠ᠎ᠳᠤ ᠨᠡᠢᠴᠡᠵᠦ᠂ ᠪᠣᠳᠠᠲᠠᠢ ᠪᠣᠯᠪᠠᠰᠤᠷᠠᠯ᠎ᠤᠨ ᠴᠢᠨᠠᠷ᠎ᠢᠶᠠᠷ ᠴᠢᠩᠭ᠎ᠠ᠂ ᠵᠢᠯᠤᠭᠣᠳᠬᠤ ᠴᠢᠨᠠᠷ᠎ᠢᠶᠠᠷ ᠭᠦᠢᠴᠡᠳ ᠪᠠᠢᠵᠤ᠂ ᠨᠢᠭᠡ ᠤᠳᠠᠭᠠᠨ᠎ᠤ ᠦᠵᠡᠯ ᠰᠠᠨᠠᠭ᠎ᠠ ᠣᠨᠣᠯ᠎ᠤᠨ ᠭᠦᠨᠵᠡᠭᠡᠢ ᠳᠠᠪᠲᠠᠯᠲᠠ ᠪᠣᠯᠬᠤ ᠮᠥᠷᠲᠡᠭᠡᠨ ᠪᠠᠰᠠ ᠨᠢᠭᠡ ᠤᠳᠠᠭᠠᠨ᠎ᠤ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢᠨ ᠪᠥᠬᠥ ᠲᠠᠯ᠎ᠠ᠎ᠶᠢᠨ ᠳᠡᠭᠡᠭᠰᠢᠯᠡᠯᠲᠡ ᠪᠣᠯᠣᠨ᠎ᠠ᠃ ᠰᠢᠰᠲᠧᠮ᠎ᠲᠠᠢ ᠰᠤᠷᠤᠯᠴᠠᠬᠤ ᠪᠠ ᠲᠤᠬᠠᠢ᠎ᠶᠢᠨ ᠲᠠᠯᠠᠪᠤᠷ᠎ᠲᠤ ᠲᠣᠭᠣᠷᠢᠨ ᠦᠵᠡᠬᠦ᠎ᠪᠡᠷ ᠳᠠᠮᠵᠢᠨ᠂ ᠠᠵᠢᠯ᠎ᠤᠨ ᠰᠡᠳᠬᠢᠴᠡ᠎ᠪᠡᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠴᠢᠳᠠᠪᠤᠷᠢ᠎ᠶᠢᠨ ᠳᠤᠲᠠᠭᠤᠳᠠᠯ᠎ᠢᠶᠠᠨ ᠨᠥᠬᠥᠪᠦᠷᠢᠯᠡᠵᠦ᠂ ᠬᠠᠷᠢᠭᠤᠴᠠᠯᠭ᠎ᠠ ᠡᠭᠦᠷᠭᠡᠯᠡᠯ ᠢ᠋ᠢᠡᠨ ᠪᠠᠲᠤᠳᠬᠠᠪᠠ᠃ ᠳᠠᠷᠠᠭᠠᠴᠢ᠎ᠶᠢᠨ ᠠᠯᠬᠤᠮ᠎ᠳᠤ᠂ ᠪᠣᠯᠪᠠᠰᠤᠷᠠᠯ᠎ᠳᠤ ᠰᠤᠷᠤᠭᠰᠠᠨ᠂ ᠰᠡᠳᠬᠢᠭᠰᠡᠨ᠂ ᠤᠬᠠᠭᠠᠷᠠᠭᠰᠠᠨ᠎ᠢᠶᠠᠨ ᠪᠣᠳᠠᠲᠠᠢ ᠠᠵᠢᠯ ᠳᠤᠮᠳᠠ᠎ᠪᠠᠨ ᠭᠦᠢᠴᠡᠳ ᠬᠡᠷᠡᠭᠯᠡᠵᠦ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠰᠢᠨ᠎ᠡ᠎ᠶᠢ ᠡᠭᠦᠳᠦᠨ ᠪᠣᠳᠠᠲᠠᠢ ᠠᠵᠢᠯᠯᠠᠵᠤ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠵᠢᠷᠤᠮᠵᠢᠭ᠍ᠰᠠᠨ ᠪᠠᠢᠭᠤᠯᠤᠯᠲᠠ᠂ ᠠᠵᠢᠯᠲᠠᠨ ᠠᠵᠢᠯᠴᠢᠨ᠎ᠤ ᠦᠢᠯᠡᠴᠢᠯᠡᠭᠡ ᠪᠠᠲᠤᠯᠠᠭ᠎ᠠ ᠵᠡᠷᠭᠡ ᠡᠯ᠎ᠡ ᠵᠦᠢᠯ᠎ᠦᠨ ᠠᠵᠢᠯ᠎ᠢ ᠲᠠᠬᠢᠨ ᠰᠢᠨ᠎ᠡ ᠳᠡᠭᠲᠡᠷ᠎ᠲᠦ ᠭᠠᠷᠭᠠᠵᠦ᠂ ᠪᠦᠬᠦ ᠣᠷᠣᠨ᠎ᠤ ᠠᠵᠢᠯᠴᠢᠨ᠎ᠤ ᠬᠥᠳᠡᠯᠭᠡᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠬᠡᠵᠦ ᠢᠯᠡᠳᠭᠡᠵᠡᠭᠡᠪᠡ᠃