ᠤᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠤᠮᠠᠷᠠᠲᠤ᠎ᠶᠢᠨ ᠬᠣᠪᠣᠷ ᠰᠢᠷᠣᠢ ᠬᠤᠨᠳᠠᠭᠠᠲᠤ》 ᠬᠥᠯ ᠪᠥᠮᠪᠥᠭᠡ᠎ᠶᠢᠨ ᠤᠷᠤᠯᠳᠤᠭᠠᠨ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠦ ᠡᠬᠢᠯᠡᠪᠡ᠃ ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂ 14 ᠡᠳᠦᠷ᠎ᠤᠨ ᠬᠤᠭᠤᠴᠠᠭ᠎ᠠ ᠲᠠᠢ ᠶᠠᠪᠤᠭᠳᠠᠨ᠎ᠠ᠂ ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ ᠭᠡᠬᠦᠴᠢᠯᠡᠨ ᠵᠢᠷᠭᠤᠭᠠᠨ ᠳᠤᠭᠤᠢᠯᠠᠩᠲᠣᠬᠢᠷᠠᠭᠤᠯᠵᠤ᠂ ᠪᠥᠬᠥ ᠣᠷᠣᠨ᠎ᠤ 10 ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ᠎ᠶᠢᠨ 484 ᠲᠠᠮᠢᠷᠴᠢᠨ᠂ ᠳᠠᠰᠬᠠᠯᠵᠢᠭᠤᠯᠤᠭ᠍ᠴᠢ ᠤᠷᠤᠯᠳᠤᠭᠠᠨ᠎ᠳᠤ ᠣᠷᠣᠯᠴᠠᠵᠠᠢ᠃
ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠨ ᠬᠢᠨ ᠥᠨᠳᠥᠷ ᠪᠠᠷᠢᠮᠵᠢᠶ᠎ᠠ᠎ᠪᠠᠷ ᠤᠷᠤᠯᠳᠤᠭᠠᠨ ᠡᠷᠭᠢᠯᠡᠬᠦ ᠱᠠᠭᠠᠷᠳᠠᠯᠭᠠᠶᠤᠰᠤᠭᠠᠷ ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭᠠᠢ ᠨᠠᠢᠳᠠᠪᠤᠷᠢᠵᠢᠭᠤᠯᠵᠤ᠂ ᠲᠤᠰᠬᠠᠢ ᠮᠡᠷᠭᠡᠵᠢᠯ᠎ᠦᠨ ᠪᠠᠷᠢᠮᠵᠢᠶ᠎ᠠ᠎ᠶᠢ ᠴᠢᠩᠭ᠎ᠠ ᠵᠢᠷᠤᠮᠯᠠᠨ 6 ᠬᠥᠯ ᠪᠥᠮᠪᠥᠭᠡ᠎ᠶᠢᠨ ᠤᠷᠤᠯᠳᠤᠭᠠᠨ᠎ᠤ ᠲᠠᠯᠠᠪᠤᠷ ᠲᠤᠬᠢᠷᠠᠭᠤᠯᠪᠠ;ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠬᠢᠨᠠᠮᠠᠭᠠᠢ ᠰᠠᠢᠲᠤᠷ ᠬᠢᠵᠦ᠂ ᠲᠠᠮᠢᠷᠴᠢᠳ᠎ᠲᠤ ᠴᠡᠪᠡᠷ ᠲᠠᠭᠠᠯᠠᠮᠵᠢᠲᠠᠢ ᠤᠷᠴᠢᠨ ᠨᠦᠬᠦᠴᠡᠯ᠂ ᠳᠥᠭᠥᠮ ᠳᠥᠲᠡ ᠦᠢᠯᠡᠴᠢᠯᠡᠭᠡ ᠬᠠᠩᠭᠠᠵᠤ ᠪᠤᠢ;ᠣᠯᠠᠨ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠵᠢᠭᠦᠯᠦᠨ ᠡᠮᠴᠢᠯᠡᠭᠡ᠂ ᠠᠮᠤᠷ᠎ᠢ ᠬᠠᠮᠠᠭᠠᠯᠠᠬᠤ᠂ ᠵᠠᠮ ᠬᠠᠷᠢᠯᠴᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠰᠠᠢᠲᠤᠷ ᠬᠢᠵᠦ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠥᠯ ᠪᠥᠮᠪᠥᠭᠡ᠎ᠶᠢᠨ ᠲᠥᠷᠥᠯ ᠵᠦᠢᠯ᠎ᠦᠨ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠥᠬᠥ ᠲᠠᠯ᠎ᠠ ᠪᠡᠷ ᠪᠠᠳᠤᠯᠠᠵᠤ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号