ᠪᠤᠭᠤᠲᠤ ᠬᠣᠲᠠ᠎ᠶᠢᠨ ᠲᠠᠮᠢᠷᠴᠢᠳ ᠥᠳᠥᠨ ᠪᠥᠮᠪᠥᠭᠡ᠎ᠶᠢᠨ ᠤᠷᠤᠯᠳᠤᠭᠠᠨ᠎ᠳᠦ 5 ᠠᠯᠲᠠᠨ ᠮᠧᠳᠠᠯ ᠭᠠᠷᠳᠠᠯ᠎ᠠ
2026-08-06 10:44:17
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 3᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠥᠳᠥᠨ ᠪᠥᠮᠪᠥᠭᠡ᠎ᠶᠢᠨ ᠲᠦᠷᠦᠯ ᠵᠦᠢᠯ᠎ᠤᠨ ᠤᠷᠤᠯᠳᠤᠭᠠᠨ ᠪᠦᠬᠦ ᠲᠠᠯ᠎ᠠ ᠪᠡᠷ ᠦᠨᠳᠦᠷᠯᠡᠪᠡ᠃

ᠲᠤᠰ ᠤᠷᠤᠯᠳᠤᠭᠠᠨ᠎ᠳᠦ ᠪᠦᠬᠦ ᠣᠷᠣᠨ᠎ᠤ ᠡᠯ᠎ᠡ ᠠᠢᠮᠠᠭ ᠬᠤᠳᠠ᠎ᠶᠢᠨ ᠥᠳᠥᠨ ᠪᠥᠮᠪᠥᠭᠡ᠎ᠶᠢᠨ ᠲᠠᠮᠢᠷᠴᠢᠳ ᠰᠢᠷᠦᠭᠦᠨ ᠥᠷᠢᠰᠦᠯᠳᠦᠵᠦ᠂ ᠪᠤᠭᠤᠲᠤ ᠬᠤᠳᠠ᠎ᠶᠢᠨ ᠥᠳᠥᠨ ᠪᠥᠮᠪᠥᠭᠡ᠎ᠶᠢᠨ ᠠᠩᠭᠢ᠎ᠶᠢᠨ ᠬᠢᠨ ᠯᠠᠪᠳᠠᠭᠤᠨ ᠪᠠᠲᠤᠲᠠᠢ ᠮᠡᠷᠭᠡᠵᠢᠯ ᠪᠣᠯᠣᠨ ᠰᠠᠢᠨ ᠰᠠᠢᠬᠠᠨ ᠤᠷᠤᠯᠳᠤᠭᠠᠨ᠎ᠤ ᠪᠠᠢᠳᠠᠯ᠎ᠵᠢᠡᠷ ᠤᠯᠠᠨ ᠡᠭᠡᠯᠵᠢ᠎ᠶᠢᠨ ᠦᠷᠢᠰᠦᠯᠳᠦᠭᠡᠨ᠎ᠢ ᠰᠢᠪᠳᠤᠯᠵᠤ᠂ ᠡᠴᠦᠰ᠎ᠲᠸ᠋ 5 ᠠᠯᠳᠠᠠ ᠮᠸᠳᠠᠯ᠂ 2 ᠮᠥᠩᠭᠥᠨ ᠮᠧᠳᠠᠯ᠂ 8 ᠬᠦᠷᠡᠯ ᠮᠧᠳᠠᠯ ᠭᠠᠷᠳᠠᠭᠰᠠᠨ ᠰᠠᠢᠨ ᠬᠢᠷᠢ ᠪᠦᠳᠦᠮᠵᠢ ᠤᠯᠵᠠᠢ᠃

ᠪᠤᠭᠤᠲᠤ ᠬᠣᠲᠠ᠎ᠶᠢᠨ ᠥᠳᠥᠨ ᠪᠥᠮᠪᠥᠭᠡ᠎ᠶᠢᠨ ᠠᠩᠭᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠢᠯᠢᠳᠡᠭ ᠬᠢᠷᠢ ᠪᠦᠲᠦᠮᠵᠢ᠎ᠪᠡᠷ ᠴᠤ ᠰᠢᠨ᠎ᠡ ᠭᠠᠷᠤᠭ᠎ᠠ ᠪᠣᠯᠭᠠᠵᠤ᠂ ᠤᠷᠤᠯᠳᠤᠭᠠᠨ᠎ᠤ ᠳᠠᠪᠠᠭᠤᠯᠢᠭ᠋ ᠪᠠ ᠳᠤᠲᠠᠭᠤᠳᠠᠯ ᠵᠢᠡᠨ ᠪᠥᠬᠥ ᠲᠠᠯ᠎ᠠ᠎ᠪᠠᠷ ᠲᠠᠨᠢᠵᠦ᠂ ᠵᠠᠯᠠᠭᠤᠴᠤᠳ ᠪᠠᠭᠠᠴᠤᠳ᠎ᠤᠨ ᠪᠡᠯᠡᠳᠬᠡᠯ ᠴᠢᠳᠠᠪᠤᠷᠢᠲᠠᠨ᠎ᠤ ᠱᠠᠲᠤᠯᠢᠭ ᠡᠩᠨᠡᠭᠡ᠎ᠶᠢᠨ ᠪᠠᠢᠭᠤᠯᠤᠯᠲᠠ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠤᠭᠤᠲᠤ᠎ᠬᠤᠲᠠ ᠶ᠋ᠢᠨ ᠵᠠᠯᠠᠭᠤᠴᠤᠳ ᠪᠠᠭᠠᠴᠤᠳ᠎ᠤᠨ ᠥᠲᠥᠨ ᠪᠥᠮᠪᠥᠭᠡ᠎ᠶᠢᠨ ᠲᠥᠷᠥᠯ ᠵᠦᠢᠯ᠎ᠦᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠬᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号