ᠭᠠᠬᠠᠶ ᠠᠭᠤᠯᠠ ᠤᠰᠤᠨ ᠴᠥᠭᠥᠷᠥᠮ ᠤ᠋ᠨ ᠪᠥᠲᠥᠭᠡᠨ ᠪᠠᠢᠭᠤᠯᠤᠯᠲᠠ ᠵᠠᠩᠭᠢᠯᠠᠭ᠎ᠠ ᠢ᠋ᠢᠨ ᠱᠠᠲᠤᠨ ᠳ᠋ᠤ ᠣᠷᠣᠪᠠ
2026-08-07 17:20:20
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

 ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠭᠠᠬᠠᠶ ᠠᠭᠤᠯᠠ ᠤᠰᠤᠨ ᠴᠥᠭᠥᠷᠥᠮ ᠤ᠋ᠨ ᠪᠥᠲᠥᠭᠡᠨ ᠪᠠᠢᠭᠤᠯᠤᠯᠲᠠ ᠵᠠᠩᠭᠢᠯᠠᠭ᠎ᠠ ᠢ᠋ᠢᠨ ᠠᠬᠢᠴᠠ ᠲᠠᠢ ᠪᠣᠯᠵᠣ᠂ ᠨᠢᠭᠡᠨᠲᠡ ᠪᠠᠷᠢᠯᠭ᠎ᠠ ᠢ᠋ᠢᠨ ᠶᠡᠷᠦᠩᠬᠡᠶ ᠬᠡᠮᠵᠢᠶ᠎ᠡ ᠢ᠋ᠢᠨ 95% ᠢ᠋ᠢ ᠳᠠᠭᠤᠰᠬᠠᠵᠤ᠂ ᠬᠠᠭᠠᠯᠲᠠ ᠪᠠᠨ ᠲᠠᠷᠤᠵᠤ ᠤᠰᠤ ᠬᠠᠳᠠᠭᠠᠯᠠᠬᠤ ᠳ᠋ᠤ ᠰᠠᠭᠤᠷᠢ ᠲᠠᠯᠪᠢᠪᠠ᠃

ᠭᠠᠬᠠᠶ ᠠᠭᠤᠯᠠ ᠤᠰᠤᠨ ᠴᠥᠭᠥᠷᠥᠮ ᠨᠢ ᠲᠦᠩᠯᠢᠶᠤᠤ ᠬᠤᠳᠠ ᠵᠢᠨ ᠬᠦᠷᠢᠶ᠎ᠡ ᠬᠣᠰᠢᠭᠤᠨ ᠤ᠋ ᠶᠠᠡᠭᠰᠢᠪ  ᠤ᠋ᠨ ᠭᠤᠤᠯ ᠤ᠋ᠨ ᠳᠤᠮᠳᠠ ᠤᠷᠤᠰᠬᠠᠯ ᠳ᠋ᠤ ᠪᠠᠢᠷᠢᠯᠡᠵᠤ᠂ ᠲᠥᠷᠥ ᠢ᠋ᠢᠨ ᠶᠠᠪᠤᠳᠠᠯ ᠤ᠋ᠨ ᠬᠣᠷᠢᠶ᠎ᠠ ᠢ᠋ᠢᠨ ᠴᠣᠬᠣᠯᠠᠪᠤᠷᠢᠯᠠᠭᠰᠠᠨ  《ᠯᠢᠶᠣᠤᠾᠧ ᠭᠤᠤᠯ ᠤ᠋ᠨ ᠰᠠᠪᠠ ᠭᠠᠵᠠᠷ ᠤ᠋ᠨ ᠦᠶᠡᠷ ᠢ᠋ ᠰᠡᠷᠭᠡᠢᠯᠡᠬᠦ ᠲᠥᠯᠥᠪᠵᠢᠭᠦᠯᠭᠡ》 ᠶ᠋ᠢᠨ ᠭᠤᠤᠯᠳᠠᠯᠭ᠎ᠠ ᠲᠠᠢ ᠲᠥᠷᠥᠯ ᠵᠦᠢᠯ ᠪᠣᠯᠬᠤ ᠪᠥᠭᠡᠳ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋  《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠤᠰᠤᠨ ᠤ᠋ ᠠᠮᠤᠷ ᠲᠦᠪᠰᠢᠨ ᠢ᠋ ᠪᠠᠲᠤᠯᠠᠬᠤ ᠲᠥᠯᠥᠪᠵᠢᠭᠦᠯᠭᠡ ᠢ᠋ᠢᠨ ᠭᠤᠤᠯᠳᠠᠯᠭ᠎ᠠ ᠲᠠᠢ ᠳᠤᠮᠳᠠ ᠬᠡᠯᠪᠡᠷᠢ ᠢ᠋ᠢᠨ ᠤᠰᠤᠨ ᠠᠰᠢᠭᠯᠠᠯᠲᠠ ᠢ᠋ᠢᠨ ᠬᠦᠢᠰᠤ ᠪᠠᠷᠢᠯᠭ᠎ᠠ ᠪᠣᠯᠤᠨ᠎ᠠ᠃

ᠤᠢᠯᠠᠭᠠᠭᠰᠠᠨ ᠵᠢᠡᠷ᠂ ᠭᠠᠬᠠᠶ ᠠᠭᠤᠯᠠ ᠤᠰᠤᠨ ᠴᠥᠭᠥᠷᠥᠮ ᠤ᠋ᠨ ᠲᠥᠷᠥᠯ ᠵᠦᠢᠯ ᠤ᠋ᠨ ᠶᠡᠷᠦᠩᠬᠡᠶ ᠪᠠᠯᠠ ᠣᠷᠣᠭᠤᠯᠤᠯᠲᠠ 6.32 ᠳ᠋ᠦᠩᠰᠢᠭᠤᠷ ᠲᠥᠭᠥᠷᠢᠭ ᠪᠠᠢᠵᠤ᠂ ᠴᠥᠭᠥᠷᠥᠮ ᠤ᠋ᠨ ᠶᠡᠷᠦᠩᠬᠡᠶ ᠪᠠᠭᠲᠠᠭᠠᠮᠵᠢ ᠨᠢ 3362 ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠤᠨ᠎ᠠ᠃ ᠲᠤᠰ ᠤᠰᠤᠨ ᠴᠥᠭᠥᠷᠥᠮ ᠢ᠋ ᠪᠠᠢᠭᠤᠯᠵᠤ ᠳᠠᠭᠤᠰᠤᠭᠰᠠᠨ ᠤ᠋ ᠳᠠᠷᠠᠭ᠎ᠠ ᠣᠷᠣᠨ ᠪᠦᠰᠡ ᠢ᠋ᠢᠨ ᠤᠰᠤᠨ ᠤ᠋ ᠡᠬᠢ ᠪᠠᠶᠠᠯᠢᠭ ᠢ᠋ ᠲᠣᠬᠢᠷᠠᠭᠤᠯᠤᠨ ᠬᠠᠳᠠᠭᠠᠯᠠᠬᠤ ᠴᠢᠳᠠᠪᠤᠷᠢ ᠬᠦᠷᠦᠯᠴᠡᠬᠦ᠌ ᠥᠬᠡᠶ ᠪᠠᠢᠳᠠᠯ ᠢ᠋ ᠪᠦᠲᠦᠮᠵᠢᠲᠡᠶ ᠬᠤᠪᠢᠷᠠᠭᠤᠯᠵᠤ᠂ ᠡᠷᠬᠢᠨ ᠲᠣᠭᠣᠷᠢᠨ ᠤ᠋ 2.8 ᠲᠦᠮᠡᠨ ᠮᠥ᠍ ᠲᠠᠷᠢᠶᠠᠨ ᠭᠠᠵᠠᠷ ᠲᠤ᠌ ᠤᠰᠤᠨ ᠰᠤᠷᠪᠤᠯᠵᠢ ᠬᠠᠩᠭᠠᠨ᠎ᠠ᠃ ᠪᠠᠰᠠ ᠦᠶᠡᠷ ᠤ᠋ᠨ ᠤᠰᠤ ᠢ᠋ᠢ ᠲᠤᠬᠢᠷᠠᠭᠤᠯᠵᠤ᠂ ᠳᠣᠣᠷ᠎ᠠ ᠤᠷᠤᠰᠬᠠᠯ ᠤ᠋ᠨ ᠦᠶᠡᠷ ᠢ᠋ ᠰᠡᠷᠭᠡᠢᠯᠡᠬᠦ᠌ ᠳᠠᠷᠤᠯᠲᠠ ᠢ᠋ᠢ ᠪᠦᠲᠦᠮᠵᠢᠲᠡᠶ ᠬᠥᠩᠭᠡᠷᠡᠭᠦᠯᠬᠦ ᠪᠤᠯᠤᠨ᠎ᠠ᠃ ᠲᠤᠰ ᠲᠦᠷᠦᠯ ᠵᠤᠢᠯ ᠨᠢ ᠪᠠᠰᠠ ᠯᠢᠶᠣᠤᠾᠧ ᠭᠣᠣᠯ ᠤ᠋ᠨ ᠰᠠᠪᠠ ᠭᠠᠵᠠᠷ ᠤ᠋ᠨ ᠳᠡᠭᠡᠷ᠎ᠡ ᠤᠷᠤᠰᠬᠠᠯ ᠤ᠋ᠨ ᠡᠯᠡᠰᠦ ᠢ᠋ᠢ ᠬᠣᠷᠢᠭᠯᠠᠬᠤ ᠵᠠᠩᠭᠢᠯᠠᠭ᠎ᠠ ᠢ᠋ᠢᠨ ᠢᠨᠵᠧᠨᠧᠷᠢᠩ ᠪᠠᠢᠵᠤ᠂ ᠵᠢᠯ ᠳ᠋ᠤ ᠪᠠᠷᠤᠭ 59 ᠲᠦᠮᠡᠨ ᠪᠣᠰᠣᠭ᠎ᠠ ᠳᠥᠷᠪᠡᠯᠵᠢᠨ ᠮᠧᠲ᠋ᠷ ᠡᠯᠡᠰᠦ ᠢ᠋ᠢ ᠬᠠᠰᠢᠨ ᠰᠡᠷᠭᠡᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号