8 ᠰᠠᠷ᠎ᠠ ᠵᠢᠨ 5᠎ᠤ᠋ ᠡᠳᠤᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ᠎ᠢ ᠬᠦᠷᠢᠶᠡᠯᠡᠬᠦ ᠠᠯᠪᠠᠨ ᠭᠡᠷ᠂ ᠥᠪᠡᠷᠲᠡᠭᠡᠨ ᠵᠠᠰᠠᠬᠤ
ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ
ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠤᠯᠤᠰ ᠲᠥᠷᠥ᠎ᠶᠢᠨ
ᠠᠵᠢᠯ᠎ᠤᠨ ᠲᠣᠪᠴᠢᠶ᠎ᠠ᠎ᠠᠴᠠ ᠬᠠᠮᠲᠤᠷᠠᠨ ᠡᠷᠭᠢᠯᠡᠭᠰᠡᠨ 《ᠬᠠᠮᠤᠭ᠎ᠤᠨ ᠭᠣᠶᠣ᠌ ᠤᠭ ᠰᠠᠨᠠᠭ᠎ᠠ᠂ ᠥᠯᠢᠭᠡᠷ ᠳᠠᠭᠤᠷᠢᠶᠠᠯ
ᠲᠠᠢ ᠬᠠᠮᠳᠤ ᠪᠡᠷ ᠤᠷᠤᠬᠰᠢᠯᠠᠬᠤ》2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠠᠮᠤᠭ᠎ᠤᠨ
ᠭᠣᠶᠣ᠌ ᠴᠡᠷᠢᠭ᠎ᠢᠶᠡᠨ ᠬᠦᠷᠢᠶᠡᠯᠡᠭᠰᠡᠨ ᠬᠥᠮᠥᠨ》᠂ 《ᠬᠠᠮᠤᠭ᠎ᠤᠨ ᠭᠣᠶᠣ᠌ ᠴᠡᠷᠢᠭ᠎ᠦᠨ ᠠᠯᠪᠠ᠎ᠠᠴᠠ ᠬᠠᠯᠠᠭᠳᠠᠭᠰᠠᠳ》 ᠢ᠋
ᠨᠡᠢᠲᠡᠯᠡᠬᠦ ᠶᠣᠰᠣᠯᠠᠯ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶᠢᠨ 800 ᠲᠡᠭᠰᠢ ᠳᠥᠷᠪᠡᠯᠵᠢᠨ ᠮᠧᠲᠷ᠎ᠦᠨ
ᠲᠣᠭᠯᠠᠯᠲᠠ ᠨᠡᠪᠲᠡᠷᠡᠭᠦᠯᠭᠡ᠎ᠶᠢᠨ ᠲᠢᠩᠬᠢᠮ᠎ᠳᠦ ᠶᠠᠪᠤᠭᠳᠠᠪᠠ᠃
ᠲᠣᠰ ᠤᠳᠠᠭᠠᠨ᠎ᠤ ᠰᠢᠯᠭᠠᠷᠠᠭᠤᠯᠤᠯᠲᠠ᠎ᠳᠤ
ᠥᠷᠭᠡᠨ᠎ᠢᠶᠡᠷ ᠲᠠᠨᠢᠯᠴᠠᠭᠤᠯᠬᠤ᠂ ᠱᠠᠲᠤ ᠳᠠᠷᠠᠭᠠᠯᠠᠨ ᠰᠢᠯᠢᠨ ᠰᠣᠩᠭᠣᠬᠤ᠂ ᠴᠢᠩᠭ᠎ᠠ ᠨᠢᠮᠪᠠᠢ ᠬᠢᠨᠠᠨ ᠲᠣᠭᠲᠠᠭᠠᠬᠤ᠎ᠪᠠᠷ
ᠳᠡᠮᠵᠢᠨ᠂ ᠵᠧᠦ ᠢᠦᠢ ᠯᠦᠩ᠂ ᠵᠧᠦ ᠬᠤᠤ ᠸᠧᠢ᠂ ᠶᠠᠨ ᠸᠸᠨ ᠬᠤᠸᠠ᠂ ᠯᠢ ᠰᠢᠤᠸᠠᠢ ᠯᠢᠶᠠᠩ᠂ ᠸᠧᠨ ᠵᠢᠨ
ᠮᠣᠣ᠂ ᠪᠦᠷᠢᠨ᠂ ᠯᠢᠦ ᠰᠢ ᠵᠢᠶᠦ᠋ᠨ᠂ ᠸᠠᠩ ᠭᠦᠸᠧ ᠹᠧᠢ᠂ ᠲᠢᠶᠠᠨ ᠯᠦ᠍᠂ ᠸᠠᠩ ᠢᠦᠢ ᠵᠢᠤᠸᠠᠢ ᠵᠡᠷᠭᠡ ᠬᠦᠮᠦᠰ 2026 ᠣᠨ᠎ᠤ 《ᠬᠠᠮᠤᠭ᠎ᠤᠨ
ᠭᠣᠶᠣ᠌ ᠴᠡᠷᠢᠭ᠎ᠢᠶᠡᠨ ᠬᠦᠷᠢᠶᠡᠯᠡᠭᠰᠡᠨ ᠬᠥᠮᠥᠨ》 ᠤ᠋ ᠴᠣᠯᠠ᠎ᠶᠢ ᠭᠥᠷᠳᠡᠪᠡ᠂ ᠬᠠᠨ ᠪᠢᠩ᠂ ᠸᠠᠩ ᠯᠢ᠂ ᠸᠠᠩ ᠪᠥᠸᠧ᠂
ᠵᠦ᠍ ᠰᠢᠦᠢ ᠳ᠋ᠦᠩ᠂ ᠰᠠᠷᠠᠨᠲᠤᠶᠠᠭ᠎ᠠ᠂ ᠰᠦᠨ ᠯᠢ ᠸᠧᠢ᠂ ᠭᠠᠩᠪᠤᠯᠤᠳ᠂ ᠴᠧᠨ ᠶᠤᠸᠠᠢ᠂ ᠸᠠᠩ ᠰᠢᠶᠣᠣ ᠯᠢ᠂ ᠴᠧᠨ
ᠴᠠᠩ ᠮᠢᠩ 《ᠬᠠᠮᠤᠭ᠎ᠤᠨ ᠭᠣᠶᠣ᠌ ᠴᠡᠷᠢᠭ᠎ᠦᠨ ᠠᠯᠪᠠ᠎ᠠᠴᠠ ᠬᠠᠯᠠᠬᠳᠠᠬᠰᠠᠳ》 ᠤ᠋ᠨ ᠢᠷᠠᠭᠤ ᠠᠯᠳᠠᠷ ᠢ᠋
ᠬᠦᠷᠳᠡᠪᠡ᠃
ᠨᠡᠢᠲᠡᠯᠡᠬᠦ ᠶᠣᠰᠣᠯᠠᠯ ᠳ᠋ᠤ ᠳᠥᠷᠪᠡᠨ
ᠪᠦᠯᠦᠭ ᠲᠤᠬᠢᠷᠠᠭᠤᠯᠵᠤ᠂ ᠦᠶ᠋ᠯᠡ ᠠᠵᠢᠯᠯᠠᠭ᠎ᠠ᠎ᠶᠢᠨ ᠣᠬᠣᠷ ᠹᠢᠯᠢᠮ᠂ ᠲᠤᠬᠠᠢ᠎ᠶᠢᠨ ᠲᠠᠯᠠᠪᠠᠶ᠎ᠶᠢᠨ ᠰᠣᠷᠪᠤᠯᠵᠢᠯᠠᠭ᠎ᠠ᠂
ᠲᠤᠬᠠᠢ ᠵᠢᠨ ᠬᠥᠮᠥᠨ᠎ᠦ ᠲᠤᠭᠠᠴᠠᠯᠲᠠ᠂ ᠬᠦᠨᠳᠦᠳᠬᠡᠯ᠎ᠦᠨ ᠦᠭᠡ ᠤᠶᠠᠩᠭᠠᠯᠠᠬᠤ ᠵᠡᠷᠭᠡ ᠬᠡᠯᠪᠡᠷᠢ᠎ᠪᠡᠷ ᠱᠠᠩᠨᠠᠯ
ᠭᠥᠷᠳᠡᠭᠰᠡᠳ᠎ᠦᠨ ᠰᠡᠳᠬᠢᠯ ᠬᠥᠳᠡᠯᠭᠡᠮ᠎ᠡ ᠦᠶ᠋ᠯᠡ ᠠᠵᠢᠯᠯᠠᠭ᠎ᠠ ᠪᠣᠯᠣᠨ ᠡᠷᠬᠢᠮ ᠳᠡᠭᠡᠳᠦ ᠵᠣᠷᠢᠭ᠋ ᠰᠠᠨᠠᠭ᠎ᠠ᠎ᠶᠢ
ᠠᠮᠢᠳᠤᠯᠢᠭ᠋᠎ᠢᠶᠠᠷ ᠢᠯᠡᠷᠡᠭᠦᠯᠪᠡ᠃
ᠡᠬᠡ ᠤᠯᠤᠰ᠎ᠤᠨ ᠤᠮᠠᠷᠠᠲᠤ ᠶᠢᠨ ᠠᠮᠤᠷ
ᠲᠦᠪᠰᠢᠨ ᠲᠣᠭᠲᠠᠭᠤᠨ᠎ᠤ ᠬᠠᠯᠬᠠᠪᠴᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠭᠦᠨ ᠵᠤᠵᠠᠭᠠᠨ ᠬᠣᠶᠠᠷ᠎ᠢ ᠬᠦᠷᠢᠶᠡᠯᠡᠬᠦ
ᠤᠯᠠᠮᠵᠢᠯᠠᠯ ᠪᠠ ᠰᠢᠯᠢᠳᠡᠭ ᠬᠤᠪᠢᠰᠬᠠᠯᠲᠤ ᠤᠳᠤᠮᠰᠢᠯ᠎ᠲᠠᠢ ᠶᠤᠮ᠃ 《ᠬᠠᠮᠤᠭ᠎ᠤᠨ ᠭᠣᠶᠣ᠌》ᠵᠢ ᠰᠢᠯᠭᠠᠷᠠᠭᠤᠯᠬᠤ
ᠠᠵᠢᠯᠯᠠᠭ᠎ᠠ᠎ᠶᠢ ᠥᠷᠨᠢᠭᠦᠯᠬᠦ ᠨᠢ ᠣᠶᠤᠨ ᠰᠠᠨᠠᠭᠠᠨ᠎ᠤ ᠬᠡᠪ ᠳᠠᠭᠤᠷᠢᠶᠠᠯ᠎ᠢ ᠪᠣᠶ ᠪᠣᠯᠭᠠᠵᠤ᠂《ᠬᠠᠮᠤᠭ᠎ᠤᠨ ᠭᠣᠶᠣ᠌》ᠵᠢᠨ
ᠥᠯᠢᠭᠡᠷ᠎ᠢ ᠰᠠᠢᠲᠤᠷ ᠶᠠᠷᠢᠵᠤ᠂ ᠪᠥᠬᠥ ᠠᠷᠠᠳ᠎ᠤᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ ᠬᠠᠯᠠᠭᠤᠨ
ᠰᠡᠳᠬᠢᠯᠭᠡ᠎ᠶᠢ ᠤᠯᠠᠮ ᠨᠢᠭᠡ ᠠᠯᠬᠤᠮ ᠬᠥᠭᠵᠢᠭᠡᠵᠦ᠂ ᠴᠡᠷᠢᠭ ᠵᠠᠰᠠᠭ ᠴᠡᠷᠢᠭ ᠠᠷᠠᠳ᠎ᠤᠨ ᠪᠠᠲᠤ ᠪᠡᠬᠢ ᠪᠦᠯᠬᠦᠮᠳᠡᠯ᠎ᠢ
ᠪᠡᠬᠢᠵᠢᠭᠦᠯᠦᠨ ᠬᠥᠭᠵᠢᠭᠦᠯᠵᠦ᠂ ᠪᠥᠬᠥ ᠣᠷᠣᠨ᠎ᠤ ᠬᠣᠶᠠᠷ᠎ᠢ ᠬᠦᠷᠢᠶᠡᠯᠡᠬᠦ ᠠᠵᠢᠯ ᠪᠠ ᠴᠡᠷᠢᠭ ᠤ᠋ᠨ ᠠᠯᠪᠠ᠎ᠡᠴᠡ
ᠬᠠᠯᠠᠭᠳᠠᠭᠰᠠᠳ᠎ᠤᠨ ᠶᠠᠪᠤᠳᠠᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶᠢᠨ
ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ᠎ᠳᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ᠎ᠶᠢ
ᠵᠤᠷᠢᠪᠠ᠃