ᠸᠠᠩ ᠸᠧᠢ ᠵᠦᠩ ᠴᠤᠬᠯᠠᠭᠠᠨ ᠡᠬᠢᠯᠡᠭᠰᠡᠨ᠎ᠢ ᠵᠠᠷᠯᠠᠵᠤ ᠪᠦᠦ ᠭᠠᠩ ᠡᠬᠢᠯᠡᠯᠳᠡ ᠵᠢᠨ ᠦᠭᠡ ᠬᠡᠯᠡᠵᠦ᠍ ᠵᠠᠩ ᠶᠠᠨ ᠺᠦᠨ ᠣᠷᠣᠯᠴᠠᠵᠠᠢ
8 ᠰᠠᠷ᠎ᠠ᠎ᠶᠢᠨ 8 ᠤ᠋ ᠣᠷᠣᠶ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠪᠤᠭᠤᠲᠤ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠣᠷᠣᠯᠴᠠᠭᠰᠠᠨ ᠪᠥᠭᠡᠳ ᠴᠤᠬᠯᠠᠭᠠᠨ ᠡᠬᠢᠯᠡᠭᠰᠡᠨ᠎ᠢ ᠵᠠᠷᠯᠠᠪᠠ᠃

8 ᠰᠠᠷ᠎ᠠ᠎ᠶᠢᠨ 8 ᠤ᠋ ᠣᠷᠣᠶ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠪᠤᠭᠤᠲᠤ᠎ᠳᠤ ᠡᠬᠢᠯᠡᠪᠡ᠃
ᠲᠤᠰ ᠰᠤᠨᠢᠨ ᠤ ᠰᠤᠷᠪᠤᠯᠵᠢᠯᠠᠭᠴᠢ ᠮᠠ ᠵᠢᠶᠠᠨ ᠪᠢᠡᠭ ᠰᠡᠬᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠡᠬᠢᠯᠡᠯᠲᠡ᠎ᠶᠢᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠪᠤᠭᠤᠲᠤ᠌ ᠬᠤᠳᠠ᠎ᠶᠢᠨ ᠨᠠᠮ᠎ᠤᠨ ᠬᠣᠷᠢᠶ᠎ᠠ ᠵᠢᠨ ᠱᠦᠵᠢ ᠴᠧᠨ ᡁᠢ ᠴᠠᠩ ᠤᠭᠲᠤᠯᠭ᠎ᠠ ᠵᠢᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ᠂ ᠳᠠᠶ᠋ᠢᠴᠢᠨ ᠣᠷᠣᠯᠴᠠᠵᠤ᠂ ᠰᠦᠬᠡ ᠡᠬᠢᠯᠡᠯᠳᠡ ᠵᠢᠨ ᠶᠤᠰᠤᠯᠠᠯ᠎ᠢ ᠡᠷᠭᠢᠯᠡᠪᠡ᠃
ᠲᠣᠰ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠨᠢ ᠴᠢᠪ ᠬᠡᠮᠡᠨ ᠠᠷᠪᠠᠨ ᠨᠠᠢ᠍ᠮᠠᠳᠡᠬᠢ 《ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ》᠎ᠲᠠᠢ ᠲᠣᠬᠢᠶᠠᠵᠤ᠂ ᠪᠤᠭᠤᠲᠤ᠌ ᠬᠣᠲᠠ᠎ᠶᠢᠨ ᠣᠯᠢᠮᠫᠢᠺ᠎ᠤᠨ ᠪᠠᠶ᠎ᠠ ᠵᠢᠨ ᠲᠠᠮᠢᠷ᠎ᠤᠨ ᠲᠥᠪ᠎ᠦᠨ ᠲᠠᠮᠢᠷ᠎ᠤᠨ ᠲᠠᠯᠠᠪᠠᠶ᠎ᠳᠤ ᠦᠩᠬᠡᠳᠦ ᠳ᠋ᠧᠩᠳᠤᠸᠠᠯᠠᠵᠤ᠂ ᠬᠦᠮᠦᠰ ᠲᠡᠯᠡᠪᠡᠢ ᠲᠦᠭᠦᠷᠲᠡᠯ᠎ᠡ ᠰᠠᠭᠤᠯᠴᠠᠵᠤ᠂ ᠬᠥᠷ ᠬᠥᠭᠵᠢᠶᠡᠨ᠎ᠢᠶᠡᠷ ᠪᠢᠯᠬᠠᠨ᠎ᠠ᠃ 20 ᠴᠠᠭ᠎ᠲᠤ᠌᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠡᠬᠢᠯᠡᠯᠲᠡ᠎ᠶᠢᠨ ᠶᠣᠰᠣᠯᠠᠯ ᠵᠢᠩᠬᠢᠨᠢ᠎ᠪᠡᠷ ᠡᠬᠢᠯᠡᠪᠡ᠃ 《ᠡᠬᠡ ᠤᠯᠤᠰ᠎ᠢᠶᠠᠨ ᠮᠠᠭᠲᠠᠨ ᠳᠠᠭᠤᠯᠠᠨᠠᠮ》 ᠭᠡᠬᠦ᠌ ᠰᠦᠷ ᠵᠢᠪᠬᠤᠭᠠᠲᠤ᠌ ᠠᠶ᠎ᠠ ᠲᠠᠭᠤᠤ ᠵᠢ ᠳᠠᠭᠠᠯᠳᠤᠨ᠂ ᠶᠣᠰᠣᠯᠠᠯ᠎ᠤᠨ ᠠᠩᠭᠢ᠎ᠶᠢᠨ ᠭᠡᠰᠢᠭᠦᠳ ᠢᠳᠡᠷᠡᠬᠦᠨ ᠪᠠᠲᠤ᠌ ᠠᠯᠬᠤᠭ᠎ᠠ᠎ᠪᠠᠷ ᠲᠠᠪᠤᠨ ᠣᠳᠣᠲᠤ᠌ ᠤᠯᠠᠭᠠᠨ ᠲᠣᠭ᠎ᠢ ᠬᠠᠮᠠᠭᠠᠯᠠᠨ ᠠᠬᠤᠶ ᠲᠠᠯᠠᠪᠠᠶ᠎ᠳᠤ ᠣᠷᠣᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠎ᠠ ᠵᠢᠨ ᠲᠠᠮᠢᠷ᠎ᠤᠨ ᠴᠤᠭᠯᠠᠭᠠᠨ᠎ᠤ ᠲᠣᠭ᠂ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠲᠣᠭ ᠵᠠᠯᠭᠠᠭ᠎ᠠ ᠪᠡᠷ ᠲᠠᠯᠠᠪᠠᠶ᠎ᠳᠤ ᠣᠷᠣᠵᠤ ᠢᠷᠡᠪᠡ᠃ ᠳᠠᠷᠠᠭ᠎ᠠ᠎ᠨᠢ᠂ ᠬᠢᠨᠠᠭᠴᠢ ᠪᠣᠯᠤᠨ 12 ᠠᠶ᠋ᠢᠮᠠᠭ ᠬᠣᠲᠠ᠎ᠶᠢᠨ ᠤᠷᠤᠯᠳᠤᠭᠠᠨ᠎ᠳᠤ ᠣᠷᠣᠯᠴᠠᠬᠤ ᠲᠥᠯᠥᠭᠡᠯᠡᠭᠴᠢᠳ᠎ᠦᠨ ᠪᠦᠯᠬᠦᠮ ᠲᠠᠯᠠᠪᠠᠶ᠎ᠳᠤ ᠣᠷᠣᠵᠤ ᠢᠷᠡᠨ᠂ ᠲᠠᠮᠢᠷᠴᠢᠳ ᠢᠳᠡᠷᠡᠭᠦᠨ ᠠᠯᠬᠤᠭ᠎ᠠ ᠠᠯᠬᠤᠯᠠᠨ᠂ ᠥᠭᠡᠳᠡᠯᠡᠨ ᠳᠠᠪᠰᠢᠬᠤ᠂ ᠡᠷᠡᠯᠬᠡᠭᠯᠡᠨ ᠲᠡᠮᠡᠴᠡᠬᠦ᠌ ᠣᠶᠤᠨ ᠰᠠᠨᠠᠭᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃ ᠲᠠᠯᠠᠪᠠᠢ᠎ᠳᠤ ᠣᠷᠣᠵᠤ ᠢᠷᠠᠵᠤ ᠪᠠᠷᠠᠭᠰᠠᠨ᠎ᠤ ᠲᠠᠷᠠᠭ᠎ᠠ᠂ ᠪᠦᠭᠦᠳᠡᠭᠡᠷ᠎ᠢᠶᠡᠨ ᠪᠣᠰᠴᠤ᠌ ᠵᠣᠭᠰᠣᠨ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ᠎ᠶᠢ ᠳᠠᠭᠤᠯᠠᠪᠠ᠃ ᠰᠦᠷ ᠵᠢᠪᠬᠤᠯᠠᠩᠲᠤ᠌ ᠤᠯᠤᠰ᠎ᠤᠨ ᠰᠦᠯᠳᠡ ᠳᠠᠭᠤᠤ᠎ᠶᠢᠨ ᠠᠶ᠎ᠠ ᠳᠤᠮᠳᠠ᠂ ᠲᠠᠪᠤᠨ ᠣᠳᠣᠲᠤ᠌ ᠤᠯᠠᠭᠠᠨ ᠲᠤᠭ ᠠᠯᠭᠤᠷᠬᠠᠨ ᠮᠠᠨᠳᠤᠵᠤ᠂ ᠰᠠᠯᠬᠢᠨ᠎ᠤ ᠠᠶ᠎ᠠ᠎ᠪᠠᠷ ᠨᠠᠮᠢᠷᠠᠪᠠ᠃
ᠸᠠᠩ ᠸᠧᠢ ᠵᠦᠩ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠡᠬᠢᠯᠡᠯ᠎ᠡ ᠭᠡᠵᠤ ᠵᠠᠷᠯᠠᠪᠠ᠃ ᠦᠩᠬᠡ ᠢᠯᠭᠠᠷᠠᠬᠰᠠᠨ ᠭᠤᠢᠳᠠ ᠰᠠᠶ᠋ᠢᠬᠠᠨ ᠬᠤᠸᠠᠷ ᠫᠤᠤᠵᠢᠩ ᠰᠥᠨᠢ᠎ᠶᠢᠨ ᠣᠭᠲᠠᠷᠭᠤᠢ᠎ᠳᠤ ᠪᠠᠳᠠᠷᠠᠨ ᠳᠡᠯᠭᠡᠷᠡᠵᠦ᠍᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠥ ᠬᠦᠷ ᠬᠦᠭᠵᠢᠶᠠᠨ᠎ᠢᠶᠡᠷ ᠪᠢᠯᠬᠠᠮ᠎ᠠ ᠪᠠᠢᠯ᠎ᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠠᠶ᠎ᠠ ᠵᠢᠨ ᠲᠠᠮᠢᠷ᠎ᠤᠨ ᠴᠤᠭᠯᠠᠭᠠᠨ᠎ᠤ ᠳᠠᠭᠤᠤ᠎ᠵᠢ ᠳᠠᠭᠠᠯᠳᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠠ ᠵᠢᠨ ᠲᠠᠮᠢᠷ᠎ᠤᠨ ᠴᠤᠭᠯᠠᠭᠠᠨ᠎ᠤ ᠲᠣᠭ ᠪᠠ ᠠᠷᠪᠠᠨ ᠵᠢᠷᠭᠤᠳᠤᠭᠠᠷ ᠬᠤᠭᠤᠴᠠᠭᠠᠨ᠎ᠤ ᠪᠠᠶ᠎ᠠ ᠵᠢᠨ ᠲᠠᠮᠢᠷ᠎ᠤᠨ ᠴᠤᠭᠯᠠᠭᠠᠨ᠎ᠤ ᠲᠣᠭ᠎ᠢ ᠠᠯᠭᠤᠷᠬᠠᠨ ᠮᠠᠨᠳᠤᠭᠤᠯᠪᠠ᠃ ᠲᠠᠮᠢᠷᠴᠢᠨ᠂ ᠬᠢᠨᠠᠭ᠍ᠴᠢ᠎ᠶᠢᠨ ᠲᠥᠯᠥᠭᠡᠯᠡᠭᠴᠢ ᠲᠤᠰ ᠲᠤᠰ ᠲᠠᠩᠭᠠᠷᠢᠭ᠍ᠯᠠᠪᠠ᠃
ᠡᠬᠢᠯᠡᠯᠲᠡ᠎ᠶᠢᠨ ᠶᠣᠰᠣᠯᠠᠯ ᠳᠡᠭᠡᠷ᠎ᠡ ᠰᠣᠶᠣᠯ ᠪᠡᠶ᠎ᠡ᠎ᠶᠢᠨ ᠲᠠᠮᠢᠷ᠎ᠤᠨ ᠲᠤᠭᠯᠠᠯᠲᠠ ᠭᠠᠷᠭᠠᠵᠤ᠂ 《ᠬᠠᠳᠤᠨ ᠭᠤᠤᠯ ᠡᠷᠲᠡ ᠡᠳᠦᠭᠡ᠎ᠶᠢ ᠬᠦᠦᠷᠨᠢᠬᠦᠢ》᠂ 《ᠬᠤᠪᠢᠰᠬᠠᠯ᠎ᠤᠨ ᠬᠡᠷᠡᠯ ᠠᠶᠠᠨ ᠵᠠᠮ᠎ᠢ ᠭᠡᠢᠭᠦᠯᠦᠨᠡᠮ》᠂ 《ᠰᠡᠳᠬᠢᠯ ᠨᠢᠭᠡᠳᠦᠨ ᠰᠢᠨ᠎ᠡ ᠬᠠᠭᠤᠳᠠᠰᠤ᠎ᠶᠢ ᠪᠢᠴᠢᠭᠯᠡᠨᠡᠮ》 ᠵᠡᠷᠭᠡ 3 ᠪᠦᠯᠦᠭ ᠬᠤᠪᠢᠶᠠᠨ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠭᠠᠨ ᠦᠷᠭᠦᠯᠵᠢᠯᠡᠨ ᠤᠮᠤᠭ ᠵᠤᠷᠢᠭ ᠪᠠᠳᠠᠷᠠᠩᠭᠤᠢ᠎ᠪᠡᠷ ᠡᠷᠡᠯᠬᠡᠭᠯᠡᠨ ᠴᠢᠷᠮᠠᠢᠵᠤ᠂ ᠵᠤᠷᠢᠭᠲᠠᠢ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠤ ᠪᠠᠢᠬᠤ ᠢᠲᠡᠭᠡᠯ ᠵᠣᠷᠢᠭ᠋᠎ᠢ ᠠᠮᠢᠳᠤᠯᠢᠭ᠋᠎ᠢᠶᠠᠷ ᠢᠯᠡᠷᠡᠭᠦᠯᠪᠡ᠃
ᠲᠦᠮᠡᠨ᠎ᠦ ᠠᠩᠬᠠᠷᠤᠯ᠎ᠢ ᠲᠠᠲᠠᠭᠰᠠᠨ ᠭᠣᠣᠯ ᠭᠠᠯ ᠪᠠᠮᠪᠠᠷ᠎ᠢ ᠨᠣᠴᠣᠭᠠᠬᠤ ᠶᠣᠰᠣᠯᠠᠯ ᠡᠬᠢᠯᠡᠪᠡ᠃ ᠬᠤᠤ ᠵᠧᠨ ᠱᠧᠩ᠂ ᠸᠠᠩ ᠨᠠᠨ᠂ ᠵᠧᠩ ᠬᠦᠢ ᠶᠢᠦ᠂ ᠯᠢ ᠴᠢᠶᠠᠨ ᠵᠡᠷᠭᠡ 4 ᠭᠠᠯ ᠪᠠᠮᠪᠠᠷᠴᠢᠨ ᠪᠤᠤᠬᠢᠶ᠎ᠠ ᠵᠠᠯᠭᠠᠨ ᠭᠦᠶᠦᠵᠦ᠂ ᠬᠠᠮᠤᠭ ᠰᠡᠭᠦᠯᠴᠢ᠎ᠶᠢᠨ ᠭᠠᠯ ᠪᠠᠮᠪᠠᠷᠴᠢᠨ ᠹᠸᠩ ᠴᠤᠤ ᠮᠣᠷᠢ ᠲᠤᠪᠳᠤᠯᠭᠠᠨ ᠳᠠᠪᠬᠢᠭᠤᠯᠵᠤ᠂ ᠴᠡᠭᠡᠵᠢ ᠲᠡᠨᠢᠢᠨ ᠨᠤᠮᠤᠲᠡᠯᠡᠵᠦ᠂ ᠭᠠᠯ ᠳᠦᠷᠡᠯᠵᠡᠭᠰᠡᠨ ᠰᠤᠮᠤ ᠵᠢ ᠭᠣᠣᠯ ᠭᠠᠯ ᠪᠠᠮᠪᠠᠷ᠎ᠤᠨ ᠰᠤᠪᠤᠷᠭ᠎ᠠ ᠵᠦᠭ ᠬᠠᠷᠪᠤᠵᠤ ᠤᠨᠤᠭᠠᠬᠤ ᠳ᠋ᠤ ᠭᠣᠣᠯ ᠭᠠᠯ ᠪᠠᠮᠪᠠᠷ ᠲᠦᠷᠡᠯᠵᠡᠨ ᠨᠣᠴᠣᠵᠤ᠂ ᠥᠩᠭᠡ ᠢᠯᠭᠠᠷᠠᠭᠰᠠᠨ ᠭᠠᠯ᠎ᠤᠨ ᠳᠦᠯᠦ ᠣᠭᠲᠠᠷᠭᠤᠢ᠎ᠵᠢ ᠭᠡᠢᠭᠦᠯᠪᠡ᠃
21 ᠴᠠᠭ 30 ᠮᠢᠨᠦ᠋ᠲ᠎ᠦᠨ ᠦᠶ᠎ᠡ᠎ᠪᠡᠷ᠂ ᠡᠬᠢᠯᠡᠯᠲᠡ᠎ᠶᠢᠨ ᠶᠣᠰᠣᠯᠠᠯ ᠨᠢ 《ᠥᠪᠥᠷ ᠮᠣᠩᠭᠣᠯ᠎ᠤᠨ ᠮᠠᠭᠲᠠᠭᠠᠯ ᠳᠠᠭᠤᠤ》 ᠵᠢᠨ ᠰᠦᠷ ᠳᠠᠯᠠᠢᠴᠠᠲᠠᠢ ᠬᠦᠭ ᠠᠶᠠᠰ ᠪᠣᠯᠣᠨ ᠪᠦᠬᠦ ᠲᠠᠯᠠᠪᠠᠢ᠎ᠶᠢᠨ ᠦᠵᠡᠭᠴᠢᠳ᠎ᠦᠨ ᠬᠠᠯᠠᠭᠤᠨ ᠠᠯᠠᠭ᠎ᠠ ᠲᠡᠰᠢᠯᠲᠡ᠎ᠶᠢᠨ ᠳᠤᠮᠳᠠ ᠲᠡᠭᠦᠰ ᠠᠮᠵᠢᠯᠲᠠ᠎ᠲᠠᠢ ᠥᠨᠳᠥᠷᠯᠡᠵᠦ᠂ ᠪᠦᠬᠦᠢᠯᠡ ᠲᠠᠮᠢᠷ᠎ᠤᠨ ᠲᠠᠯᠠᠪᠠᠢ ᠪᠠᠶᠠᠷ ᠪᠠᠶᠠᠰᠬᠤᠯᠠᠩᠲᠤ ᠠᠭᠤᠷ ᠠᠮᠢᠰᠬᠤᠯ᠎ᠢᠶᠡᠷ ᠪᠢᠯᠬᠠᠵᠤ ᠪᠠᠢᠯ᠎ᠠ᠃
ᠣᠢᠯᠠᠭᠠᠭᠰᠠᠨ᠎ᠢᠶᠠᠷ᠂ ᠲᠣᠰ ᠬᠤᠭᠤᠴᠠᠭᠠᠨ᠎ᠤ ᠲᠠᠮᠢᠷ᠎ᠤᠨ ᠴᠤᠭᠯᠠᠭᠠᠨ ᠨᠢ 《ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠤ᠋ ᠪᠠᠬᠠᠳᠤᠯ ᠢ᠋ ᠡᠳ᠋ᠯᠡᠵᠤ᠂ ᠪᠠᠶᠠᠷ ᠪᠠᠶᠠᠰᠬᠤᠯᠠᠩᠳᠤ ᠰᠢᠨ᠎ᠡ ᠪᠤᠭᠤᠲᠤ ᠳ᠋ᠤ ᠤᠷᠤᠯᠳᠤᠨ᠂ ᠥᠪᠥᠷ ᠮᠣᠩᠭᠣᠯ ᠳ᠋ᠤ ᠬᠦᠰᠡᠯ ᠵᠡᠭᠦᠳᠦ ᠪᠠᠨ ᠲᠡᠷᠭᠡᠯᠰᠢᠭᠦᠯᠦᠶᠠ》 ᠬᠡᠬᠦ ᠪᠡᠷ ᠭᠣᠣᠯ ᠰᠡᠳᠦᠪ ᠪᠣᠯᠭᠠᠵᠤ᠂ ᠦᠷᠢᠰᠦᠯᠳᠦᠬᠡᠨ᠎ᠳᠤ ᠤᠷᠤᠯᠳᠤᠭᠠᠨ᠎ᠤ ᠳᠤᠭᠤᠢᠯᠠᠩ᠂ ᠣᠯᠠᠨ ᠲᠦᠮᠡᠨ᠎ᠦ ᠳᠤᠭᠤᠢᠯᠠᠩ ᠭᠡᠬᠦ ᠬᠣᠶᠠᠷ ᠶᠡᠬᠡ ᠳᠤᠭᠤᠢᠯᠠᠩ ᠲᠤᠬᠢᠷᠠᠭᠤᠯᠵᠤ᠂ ᠨᠡᠶ᠋ᠢᠲᠡ 37 ᠶᠡᠬᠡ ᠲᠥᠷᠥᠯ᠂ 860 ᠪᠠᠭ᠎ᠠ ᠲᠥᠷᠥᠯ ᠲᠤᠬᠢᠷᠠᠭᠤᠯᠵᠤ᠂ ᠵᠠᠯᠠᠭᠤᠴᠤᠳ ᠪᠠᠭᠠᠴᠤᠳ᠎ᠤᠨ ᠲᠤᠰᠬᠠᠢ ᠮᠡᠷᠭᠡᠵᠢᠯ᠎ᠦᠨ ᠦᠷᠢᠰᠦᠯᠳᠦᠬᠡᠨ᠎ᠳᠦ ᠤᠷᠤᠯᠳᠤᠭᠠᠨ᠂ ᠪᠥᠬᠥ ᠠᠷᠠᠳ᠎ᠤᠨ ᠤᠯᠠᠨ ᠲᠦᠮᠡᠨᠴᠢ ᠪᠡᠶ᠎ᠡ ᠴᠢᠭᠢᠷᠠᠭᠵᠢᠭᠤᠯᠬᠤ ᠵᠡᠷᠬᠡ ᠬᠣᠶᠠᠷ ᠶᠡᠬᠡ ᠬᠦᠷᠢᠶ᠎ᠡ ᠴᠠᠷᠠᠭ᠎ᠠ᠎ᠶᠢ ᠬᠠᠮᠤᠷᠴᠤ᠂ ᠨᠡᠶ᠋ᠢᠲᠡ 1.2 ᠲᠦᠮᠡ ᠭᠠᠷᠤᠢ ᠲᠠᠮᠢᠷᠴᠢᠨ ᠤᠷᠤᠯᠳᠤᠭᠠᠨ᠎ᠳᠤ ᠣᠷᠣᠯᠴᠠᠨ᠎ᠠ᠃