《ᠮᠧᠩ ᠨᠢᠦ ᠬᠤᠨᠳᠠᠭᠠᠲᠤ》 ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠵᠠᠰᠠᠮᠠᠯ ᠵᠠᠮ᠎ᠤᠨ ᠤᠷᠤᠯᠳᠤᠭᠠᠨ᠎ᠦ ᠲᠦᠷᠦᠯ ᠵᠦᠢᠯ ᠢᠳᠡ ᠬᠦᠭ ᠲᠠᠢ ᠶᠠᠪᠤᠭᠳᠠᠵᠤ ᠪᠠᠢᠨ᠎ᠠ
2026-08-09 11:52:14
ᠵᠣᠬᠢᠶᠠᠭ᠍ᠴᠢ᠄
​ ᠴᠸᠨ ᠨᠠᠷᠠᠠᠳᠤᠨᠭᠭᠠᠯᠠᠭ ᠨᠠᠮᠤᠭ ᠠᠯᠤᠰ ᠸ • ᠭᠡᠷᠡᠯᠳᠤ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 6 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠮᠧᠩ ᠨᠢᠦ ᠬᠤᠨᠳᠠᠭᠠᠲᠤ》 ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠵᠠᠰᠠᠮᠠᠯ ᠵᠠᠮ᠎ᠤᠨ ᠤᠷᠤᠯᠳᠤᠭᠠᠨ ᠪᠤᠭᠤᠲᠤ ᠬᠣᠲᠠ᠎ᠶᠢᠨ ᠬᠠᠷ᠎ᠠ ᠤᠰᠤᠨ᠎ᠤ ᠨᠤᠭᠤ ᠭᠠᠵᠠᠷ᠎ᠤᠨ ᠴᠡᠴᠡᠷᠯᠢᠭ᠎ᠲᠦ ᠡᠬᠢᠯᠡᠪᠡ᠃

ᠲᠤᠰ ᠤᠷᠤᠯᠳᠤᠭᠠᠨ ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ᠎ᠠᠴᠠ ᠭᠣᠣᠯᠯᠠᠨ ᠡᠷᠬᠢᠯᠡᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠪᠡᠶ᠎ᠡ᠎ᠶᠢᠨ ᠲᠠᠮᠢᠷ ᠎ᠤᠨ ᠲᠣᠪᠴᠢᠶ᠎ᠠ᠂ ᠪᠤᠭᠤᠲᠤ ᠬᠤᠳᠠ᠎ᠶᠢᠨ ᠠᠷᠠᠳ ᠎ᠤᠨ ᠵᠠᠰᠠᠭ ᠎ᠤᠨ ᠣᠷᠳᠣᠨ ᠳᠠᠭᠠᠭᠠᠴᠢᠯᠠᠨ ᠡᠷᠬᠢᠯᠡᠪᠡ᠃

ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ  6 ᠳᠤᠭᠤᠢᠯᠠᠩ᠎ᠤᠨ 38  ᠵᠦᠢᠯ᠎ᠤᠨ ᠤᠷᠤᠯᠳᠤᠭᠠᠨ ᠎ᠢ ᠲᠣᠬᠢᠷᠠᠭᠤᠯᠵᠤ᠂ ᠪᠥᠬᠥ ᠣᠷᠣᠨ᠎ᠤ 11 ᠠᠢᠮᠠᠭ ᠬᠣᠲᠠ᠎ᠶᠢᠨ 570 ᠭᠠᠷᠤᠢ ᠲᠠᠰᠬᠠᠯᠵᠢᠭᠤᠯᠤᠭᠴᠢ᠂ ᠲᠠᠮᠢᠷᠴᠢᠨ ᠤᠷᠤᠯᠳᠤᠭᠠᠨ᠎ᠳᠤ ᠣᠷᠣᠯᠴᠠᠵᠠᠢ᠃ ᠲᠤᠰ ᠤᠷᠤᠯᠳᠤᠭᠠᠨ᠎ᠳᠤ ᠠᠯᠬᠤᠭ᠎ᠠ ᠤᠷᠤᠯᠳᠤᠭᠠᠨ᠂ ᠵᠠᠰᠠᠮᠠᠯ ᠵᠠᠮ᠎ᠤᠨ ᠬᠣᠯᠠ ᠭᠦᠶᠦᠯᠲᠡ ᠭᠡᠬᠦ ᠬᠣᠶᠠᠷ ᠶᠡᠬᠡ ᠲᠥᠷᠥᠯ᠎ᠤᠨ ᠤᠷᠤᠯᠳᠤᠭᠠᠨ᠎ᠭᠠᠷᠭᠠᠨ᠂ ᠡᠬᠢᠨ᠎ᠦ ᠡᠳᠦᠷ᠎ᠲᠦ 5 ᠺᠢᠯᠣᠮᠧᠲᠷ᠂ 10 ᠺᠢᠯᠣᠮᠧᠲᠷ᠂ 20 ᠺᠢᠯᠣᠮᠧᠲᠷ᠎ᠦᠨ ᠬᠤᠪᠢ ᠬᠥᠮᠥᠨ ᠵᠢᠴᠢ ᠪᠦᠯᠬᠦᠮ᠎ᠦᠨ ᠠᠯᠬᠤᠭ᠎ᠠ ᠤᠷᠤᠯᠳᠤᠭᠠᠨ ᠶᠠᠪᠤᠭᠳᠠᠵᠤ᠂ ᠵᠠᠯᠭᠠᠭᠠᠳ ᠬᠠᠭᠠᠰ ᠵᠠᠶ ᠵᠢᠨ ᠮᠠᠷᠠᠽᠤᠨ᠎ᠤᠷᠤᠯᠳᠤᠭᠠᠨ᠎ᠤ ᠬᠤᠪᠢ ᠬᠥᠮᠥᠨ᠎ᠦ ᠤᠷᠤᠯᠳᠤᠭᠠᠨ᠂ ᠪᠤᠤᠬᠢᠶ᠎ᠠ ᠤᠷᠤᠯᠳᠤᠭᠠᠨ ᠵᠢᠴᠢ 5 ᠺᠢᠯᠣᠮᠧᠲᠷ᠂ 10 ᠺᠢᠯᠣᠮᠧᠲᠷ᠎ᠦᠨ ᠵᠠᠰᠠᠮᠠᠯ ᠵᠠᠮ᠎ᠤᠨ ᠬᠣᠯᠠ ᠭᠦᠶᠦᠯᠲᠡ᠎ᠶᠢᠨ ᠬᠤᠪᠢ ᠬᠥᠮᠥᠨ᠎ᠤ ᠤᠷᠤᠯᠳᠤᠭᠠᠨ᠂ ᠪᠦᠯᠬᠦᠮ᠎ᠤᠨ ᠤᠷᠤᠯᠳᠤᠭᠠᠨ ᠶᠠᠪᠤᠭᠳᠠᠨ᠎ᠠ᠃ ᠤᠷᠤᠯᠳᠤᠭᠠᠨ ᠨᠢ 3 ᠡᠳᠦᠷ᠎ᠶᠠᠪᠤᠭᠳᠠᠬᠤ ᠪᠤᠯᠤᠨ᠎ᠠ᠃  ᠤᠷᠤᠯᠳᠤᠭᠠᠨ᠎ᠢ ᠬᠠᠷ᠎ᠠ ᠤᠰᠤᠨ᠎ᠤ  ᠨᠤᠭᠤ ᠭᠠᠵᠠᠷ᠎ᠤᠨ ᠴᠡᠴᠡᠷᠯᠢᠭ᠎ᠦᠨ ᠨᠠᠭᠤᠷ ᠲᠣᠭᠣᠷᠢᠭ᠍ᠰᠠᠨ ᠤᠷᠤᠯᠳᠤᠭᠠᠨ᠎ᠤ  ᠵᠠᠮ᠎ᠳᠤ ᠲᠤᠬᠢᠷᠠᠭᠤᠯᠵᠦ᠂ ᠤᠷᠤᠯᠳᠤᠭᠠᠨ᠎ᠤ ᠵᠠᠮ᠎ᠤᠨ ᠠᠮᠢ ᠠᠬᠤᠢ ᠣᠷᠴᠢᠨ ᠲᠣᠭᠣᠷᠢᠨ ᠰᠢᠯᠢᠳᠡᠭ ᠰᠠᠢᠨ᠂ ᠵᠠᠮ ᠱᠤᠭᠤᠮ᠎ᠢ ᠨᠠᠷᠢᠯᠢᠭ᠋ ᠣᠨᠣᠴᠠᠲᠠᠢ ᠬᠡᠮᠵᠢᠵᠦ ᠲᠣᠬᠢᠷᠠᠭᠤᠯᠪᠠ᠃

ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠤᠷᠤᠯᠳᠤᠭᠠᠨ᠎ᠢ ᠰᠠᠢᠳᠤᠷ ᠡᠷᠬᠢᠯᠡᠬᠦ᠂ ᠠᠮᠤᠷ᠎ᠢ ᠬᠠᠮᠠᠭᠠᠯᠠᠬᠤ᠂ ᠡᠮᠴᠢᠯᠡᠭᠡ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠵᠦ᠂  ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠵᠢ ᠪᠠᠳᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号